ᠲᠦᠮᠡᠳ ᠵᠡᠭᠦᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ 
ᠨᠡᠶᠢᠲᠡᠯᠡᠭᠰᠡᠨ ᠴᠠᠭ᠄
2024/3/11
     ᠨᠢᠭᠡᠳᠦᠭᠡᠷ ᠵᠦᠢᠯ    ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃     ᠬᠤᠶᠠᠳᠤᠭᠠᠷ ᠵᠦᠢᠯ   ᠲᠦᠮᠡᠳ ᠵᠡᠭᠦᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠣᠯ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠲᠠᠰ ᠪᠣᠯᠣᠨ᠎ᠠ᠃ ᠲᠦᠮᠡᠳ ᠵᠡᠭᠦᠨ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃     ᠭᠤᠷᠪᠠᠳᠤᠭᠠᠷ ᠵᠦᠢᠯ    ᠲᠦᠮᠡᠳ ᠵᠡᠭᠦᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠨᠠᠮ ᠤᠨ ᠲᠥᠪ ᠬᠤᠷᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠪᠠ ᠪᠣᠭᠤᠮᠲᠠ ᠶᠢᠨ ᠬᠠᠮᠢᠶᠠᠷᠤᠯᠲᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠪᠠ ᠪᠣᠭᠤᠮᠲᠠ ᠶᠢᠨ ᠬᠠᠮᠢᠶᠠᠷᠤᠯᠲᠠ ᠶᠢᠨ ᠠᠵᠢᠯ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃     ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ ᠵᠡᠭᠡᠯᠢ ᠶᠢᠨ ᠴᠡᠯᠡᠭᠡᠷ ᠲᠠᠯ᠎ᠠ ᠶᠡᠭᠡ ᠠᠰᠠᠷ ᠤᠨ 7 ᠳ᠋ᠤᠭᠠᠷ ᠠᠰᠠᠷ     ᠬᠠᠷᠢᠯᠴᠠᠬᠤ ᠤᠲᠠᠰᠤ᠄ 0471-8165857     ᠠᠵᠢᠯᠯᠠᠬᠤ ᠴᠠᠭ᠄ ᠦᠳᠡ ᠶᠢᠨ ᠡᠮᠦᠨᠡᠬᠢ 8᠄ 30 - 12᠄ 00᠂ ᠦᠳᠡ ᠶᠢᠨ ᠬᠤᠶᠢᠨᠠᠬᠢ 2᠄ 30 - 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶     ᠬᠠᠷᠢᠭᠤᠴᠠᠯᠭᠠᠲᠠᠨ᠄ ᠭᠤᠤ ᠢᠦᠢ 
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号