ᠨᠢᠭᠡᠳᠦᠭᠡᠷ ᠵᠦᠢᠯ ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ | ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠲᠦᠮᠡᠳ ᠵᠡᠭᠦᠨ ᠬᠤᠰᠢᠭᠤᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ | ᠲᠣᠭᠲᠠᠭᠠᠪᠠ᠃ | ᠬᠤᠶᠠᠳᠤᠭᠠᠷ ᠵᠦᠢᠯ ᠲᠦᠮᠡᠳ ᠵᠡᠭᠦᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠯ ᠬᠤᠰᠢᠭᠤᠨ ᠵᠠᠰᠠᠭ ᠤᠨ ᠣᠷᠳᠣᠨ ᠤ ᠠᠵᠢᠯ ᠤᠨ | ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠲᠠᠰ ᠪᠣᠯᠣᠨ᠎ᠠ᠃ | ᠭᠤᠷᠪᠠᠳᠤᠭᠠᠷ ᠵᠦᠢᠯ ᠲᠦᠮᠡᠳ ᠵᠡᠭᠦᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ | ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ | ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ | ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ | ᠵᠡᠭᠡᠯᠢ ᠶᠢᠨ ᠴᠡᠯᠡᠭᠡᠷ ᠲᠠᠯ᠎ᠠ ᠶᠡᠭᠡ ᠠᠰᠠᠷ ᠤᠨ 4 ᠳ᠋ᠦᠭᠡᠷ ᠳᠡᠭᠲᠡᠷ | ᠬᠠᠷᠢᠯᠴᠠᠬᠤ ᠤᠲᠠᠰᠤ᠄ 0471-8165956 | ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 | ︱ 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠬᠠᠷᠢᠭᠤᠴᠠᠯᠭᠠᠲᠠᠨ᠄ ᠵᠠᠩ ᠷᠦᠢ ᠬᠤᠩ | | |