ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠬᠤᠷᠢᠶ᠎ᠠ ᠶᠢᠨ ᠠᠯᠪᠠᠨ | ᠭᠡᠷ ᠤᠨ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠲᠦᠮᠡᠳ ᠵᠡᠭᠦᠨ | ᠬᠤᠰᠢᠭᠤᠨ ᠤ ᠡᠮᠦᠨᠡᠬᠢ ᠬᠤᠭᠤᠴᠠᠭᠠᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ | ᠲᠣᠬᠢᠷᠠᠭᠤᠯᠤᠯᠲᠠ᠂ ᠳᠣᠲᠣᠭᠠᠳᠤ ᠶᠢᠨ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ︾ ᠢ | ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠢ ᠦᠨᠳᠦᠰᠦᠯᠡᠪᠡᠯ᠂ ᠮᠠᠨ ᠤ ᠲᠣᠪᠴᠢᠶ᠎ᠠ ᠶᠢᠨ ᠬᠠᠮᠢᠶ᠎ᠠ ᠪᠦᠬᠦᠢ ᠡᠭᠦᠷᠭᠡ | ᠴᠢᠳᠠᠪᠤᠷᠢ ᠡᠭᠦᠷᠭᠡ ᠬᠠᠷᠢᠭᠤᠴᠠᠯᠭ᠎ᠠ ᠨᠢ ᠳᠣᠣᠷᠠᠬᠢ ᠮᠡᠲᠦ᠄ | ᠲᠦᠮᠡᠳ ᠵᠡᠭᠦᠨ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ | ᠲᠣᠬᠢᠷᠠᠭᠤᠯᠤᠯᠲᠠ᠂ ᠳᠣᠲᠣᠭᠠᠳᠤ ᠶᠢᠨ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ | ᠨᠢᠭᠡᠳᠦᠭᠡᠷ ᠵᠦᠢᠯ᠄ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠲᠦᠮᠡᠳ | ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠪᠣᠯᠣᠨ ᠬᠤᠰᠢᠭᠤᠨ ᠤ | ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠲᠦᠮᠡᠳ ᠵᠡᠭᠦᠨ | ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ | ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ᠄ ᠲᠦᠮᠡᠳ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠣᠯ | ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ | ᠰᠠᠯᠠᠭᠠᠨ ᠤ ᠲᠠᠰ ᠪᠣᠯᠣᠨ᠎ᠠ᠃ | ᠭᠤᠷᠪᠠᠳᠤᠭᠠᠷ ᠵᠦᠢᠯ᠄ ᠲᠦᠮᠡᠳ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ | ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ | ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ | ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠨ᠎ᠠ᠃ | ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠡᠯᠡᠭᠡᠷ ᠲᠠᠯ᠎ᠠ ᠶᠡᠭᠡ ᠵᠡᠭᠡᠯᠢ ᠶᠢᠨ ᠪᠠᠷᠠᠭᠤᠨ ᠬᠡᠰᠡᠭ | ᠵᠠᠮ ᠤᠨ ᠬᠤᠶᠢᠲᠤ ᠬᠡᠰᠡᠭ | ᠬᠠᠷᠢᠯᠴᠠᠬᠤ ᠤᠲᠠᠰᠤ᠄ 0471-8112741 | ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 | ︱ 5᠄ 31 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶ | ᠂ | ᠬᠠᠷᠢᠭᠤᠴᠠᠯᠭᠠᠲᠠᠨ᠄ ᠸᠠᠩ ᠸᠧᠨ ᠱᠠᠨ | | |