ᠲᠦᠮᠡᠳ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ 
ᠨᠡᠶᠢᠲᠡᠯᠡᠭᠰᠡᠨ ᠴᠠᠭ᠄
2024/3/11
     ᠨᠢᠭᠡᠳᠦᠭᠡᠷ ᠵᠦᠢᠯ   ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃     ᠬᠤᠶᠠᠳᠤᠭᠠᠷ ᠵᠦᠢᠯ  ᠲᠦᠮᠡᠳ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠨᠢ ᠬᠤᠰᠢᠭᠤᠨ ᠤ ᠨᠠᠮ ᠤᠨ ᠬᠤᠷᠢᠶᠠᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠣᠨ᠎ᠠ᠃     ᠭᠤᠷᠪᠠᠳᠤᠭᠠᠷ ᠵᠦᠢᠯ   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭᠡᠴᠢ ᠶᠢᠨ ᠳᠤᠭᠤᠶᠢᠯᠠᠩ ᠢ ᠬᠤᠰᠢᠭᠤᠨ ᠤ ᠰᠤᠷᠭᠠᠨ ᠬᠥᠮᠦᠵᠢᠯ ᠤᠨ ᠬᠤᠰᠢᠭᠤᠨ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠰᠢᠭᠤᠳ ᠤᠳᠤᠷᠢᠳᠤᠯᠭ᠎ᠠ ᠶᠢ ᠬᠦᠯᠢᠶᠡᠵᠦ᠂ ᠬᠤᠰᠢᠭᠤᠨ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠣᠳᠠᠲᠠᠢ ᠠᠵᠢᠯ ᠢ ᠡᠭᠦᠷᠭᠡᠯᠡᠵᠦ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠨᠠᠮ ᠤᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢᠨ ᠴᠢᠭᠯᠡᠯᠲᠡ ᠲᠥᠷᠥ ᠶᠢᠨ ᠪᠣᠳᠣᠯᠭ᠎ᠠ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ᠂ ᠴᠢᠬᠤᠯᠠ ᠶᠡᠭᠡ ᠥᠭᠡᠷᠡᠴᠢᠯᠡᠯᠲᠡ ᠶᠢᠨ ᠲᠥᠰᠥᠯ ᠢ ᠵᠣᠬᠢᠶᠠᠨ ᠪᠠᠶᠢᠭᠤᠯᠤᠨ ᠰᠤᠳᠤᠯᠵᠤ᠂ ᠬᠤᠰᠢᠭᠤᠨ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠲᠣᠭᠲᠠᠭᠠᠭᠰᠠᠨ ᠵᠦᠢᠯᠡᠰ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠵᠣᠬᠢᠴᠠᠭᠤᠯᠤᠨ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃     ᠳᠥᠷᠪᠡᠳᠦᠭᠡᠷ ᠵᠦᠢᠯ   ᠲᠦᠮᠡᠳ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠠ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃     ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ ᠵᠡᠭᠡᠯᠢ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠵᠡᠭᠦᠨ ᠲᠠᠯ᠎ᠠ    ᠬᠠᠷᠢᠯᠴᠠᠬᠤ ᠤᠲᠠᠰᠤ᠄ 0471-8112216    ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 ︱ 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶     ᠬᠠᠷᠢᠭᠤᠴᠠᠯᠭᠠᠲᠠᠨ᠄ ᠬᠤ ᡁᠢ ᠶᠤᠸᠠᠨ  
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号