ᠲᠦᠮᠡᠳ ᠵᠡᠭᠦᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ
ᠨᠡᠶᠢᠲᠡᠯᠡᠭᠰᠡᠨ ᠴᠠᠭ᠄
2024/3/11
    ᠨᠢᠭᠡᠳᠦᠭᠡᠷ ᠵᠦᠢᠯ   ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃     ᠬᠤᠶᠠᠳᠤᠭᠠᠷ ᠵᠦᠢᠯ  ᠲᠦᠮᠡᠳ ᠵᠡᠭᠦᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠲᠠᠰ ᠪᠣᠯᠣᠨ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ  ᠠᠴᠠ ᠨᠢᠭᠡᠳᠦᠯᠲᠡᠢ ᠬᠠᠮᠢᠶᠠᠷᠴᠤ ᠵᠣᠬᠢᠴᠠᠭᠤᠯᠤᠨ᠎ᠠ᠃      ᠭᠤᠷᠪᠠᠳᠤᠭᠠᠷ ᠵᠦᠢᠯ   ᠲᠦᠮᠡᠳ ᠵᠡᠭᠦᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃     ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ ᠵᠡᠭᠡᠯᠢ ᠶᠢᠨ ᠬᠤᠶᠢᠲᠤ ᠲᠠᠯ᠎ᠠ ᠶᠢᠨ ᠣᠶ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠶᠢᠨ ᠲᠣᠮᠣ ᠠᠰᠠᠷ     ᠬᠠᠷᠢᠯᠴᠠᠬᠤ ᠤᠲᠠᠰᠤ᠄ 0471-8112934     ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 ︱ 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠯᠢ ᠴᠧᠩ ᠢ  
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号