ᠲᠦᠮᠡᠳ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠭᠦ ᠬᠤᠷᠢᠶ᠎ᠠ
ᠨᠡᠶᠢᠲᠡᠯᠡᠭᠰᠡᠨ ᠴᠠᠭ᠄
2024/3/11
     ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠬᠤᠷᠢᠶ᠎ᠠ ᠶᠢᠨ ᠠᠯᠪᠠᠨ ᠭᠡᠷ ᠤᠨ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︿ᠲᠦᠮᠡᠳ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ﹀ ᠢ ᠳᠠᠷᠤᠮᠠᠯᠯᠠᠨ ᠲᠠᠷᠬᠠᠭᠠᠬᠤ ᠮᠡᠳᠡᠭᠳᠡᠯ︾  ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠲᠦᠮᠡᠳ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠭᠦ ᠬᠤᠷᠢᠶ᠎ᠠ ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠶᠢᠨ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ ᠢ ᠳᠣᠣᠷᠠᠬᠢ ᠮᠡᠲᠦ ᠨᠡᠶᠢᠲᠡᠯᠡᠶ᠎ᠡ᠄    ᠨᠢᠭᠡᠳᠦᠭᠡᠷ ᠵᠦᠢᠯ   ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃     ᠬᠤᠶᠠᠳᠤᠭᠠᠷ ᠵᠦᠢᠯ   ᠲᠦᠮᠡᠳ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠭᠦ ᠬᠤᠷᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠲᠠᠰ ᠲᠤ ᠪᠠᠶᠢᠭ᠎ᠠ ᠲᠦᠮᠡᠳ ᠵᠡᠭᠦᠨ ᠬᠤᠰᠢᠭᠤᠨ ᠤ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠫᠠᠶᠢᠰᠠ ᠶᠢ ᠡᠯᠭᠦᠵᠦ᠂ ᠬᠤᠰᠢᠭᠤᠨ ᠤ ᠨᠢᠭᠡᠳᠦᠮᠡᠯ ᠹᠷᠣᠨᠲ ᠤᠨ ᠬᠡᠯᠲᠡᠰ ᠤᠨ ᠤᠳᠤᠷᠢᠳᠤᠯᠭ᠎ᠠ ᠳᠤ ᠬᠠᠷᠢᠶᠠᠯᠠᠭᠤᠯᠤᠨ᠎ᠠ ᠭᠤᠷᠪᠠᠳᠤᠭᠠᠷ ᠵᠦᠢᠯ  ᠲᠦᠮᠡᠳ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠠ ᠬᠥᠬᠡᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄     ︵ᠨᠢᠭᠡ︶ ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠬᠤᠰᠢᠭᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠦᠨᠳᠦᠰᠦᠲᠡᠨ ᠤ ᠤᠨᠤᠯ ᠪᠠ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠡᠭᠦᠨ ᠤ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠪᠠᠳᠠᠨ ᠪᠠᠶᠢᠴᠠᠭᠠᠬᠤ ᠬᠡᠷᠡᠭᠲᠡᠢ᠃ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃     ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠤᠨ ᠬᠡᠷᠡᠭ ᠶᠠᠪᠤᠳᠠᠯ ᠢ ᠰᠢᠢᠳᠪᠦᠷᠢᠯᠡᠬᠦ ᠳᠤ ᠬᠢᠨᠠᠯᠲᠠ ᠲᠠᠯᠪᠢᠵᠤ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠨᠡᠶᠢᠭᠡᠮ ᠤᠨ ᠲᠣᠭᠲᠠᠭᠤᠨ ᠪᠠᠶᠢᠳᠠᠯ ᠢ ᠵᠣᠬᠢᠴᠠᠭᠤᠯᠬᠤ ᠠᠵᠢᠯ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃     ︵ᠭᠤᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠬᠢᠴᠠᠭᠤᠯᠤᠨ ᠰᠢᠮᠳᠠᠭᠤᠯᠬᠤ ᠶᠢ ᠬᠠᠷᠢᠭᠤᠴᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠠᠵᠢᠯ ᠦᠢᠯᠡᠰ ᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠳᠠᠬᠢ ᠬᠡᠷᠡᠭᠵᠢᠭᠦᠯᠬᠦ ᠪᠠ ᠵᠣᠯᠭᠠᠭᠤᠯᠬᠤ ᠶᠢ ᠠᠬᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭ᠎ᠠ ᠭᠠᠵᠠᠷ ᠣᠷᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠣᠨᠴᠠᠭᠠᠶ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠬᠤ ᠪᠤᠶᠤ ᠬᠠᠮᠵᠢᠯᠴᠠᠵᠤ ᠪᠠᠶᠢᠭᠠᠳ ᠬᠤᠯᠪᠣᠭᠳᠠᠯ ᠪᠦᠬᠦᠢ ᠤᠴᠢᠷ ᠶᠠᠪᠤᠳᠠᠯ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠬᠡᠷᠡᠭᠰᠡᠯ ᠤᠨ ᠦᠢᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠬᠤ ᠳᠤ ᠣᠷᠣᠯᠴᠠᠨ᠎ᠠ᠃ ᠲᠣᠰ ᠭᠠᠵᠠᠷ ᠣᠷᠣᠨ ᠤ ᠦᠨᠳᠦᠰᠦᠲᠡᠨ ᠤ ᠠᠵᠢᠯ ᠪᠠ ᠮᠣᠩᠭᠤᠯ ᠬᠡᠯᠡ ᠪᠢᠴᠢᠭ ᠤᠨ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃     ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠢ ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠪᠠ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃     ︵ᠲᠠᠪᠤ︶ ᠡᠯ᠎ᠡ ᠰᠢᠶᠠᠩ ᠪᠠᠯᠭᠠᠰᠤᠨ ᠤ ᠦᠨᠳᠦᠰᠦᠲᠡᠨ ᠤ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠵᠦ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠨ ᠡᠷᠭᠢᠯᠡᠵᠦ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠠ ᠭᠠᠵᠠᠷ ᠣᠷᠣᠨ ᠲᠠᠢ ᠬᠠᠷᠢᠯᠴᠠᠨ᠎ᠠ᠃     (ᠵᠢᠷᠭᠤᠭ᠎ᠠ) ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠤᠶᠢᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠠᠵᠢᠯ ᠢ ᠬᠠᠮᠢᠶᠠᠷᠤᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠺᠢᠨᠣ᠋ ᠲᠧᠯᠸᠢᠰ ᠪᠠ ᠦᠨᠳᠦᠰᠦᠲᠡᠨ ᠤ ᠲᠤᠯᠭᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ ᠢ ᠵᠣᠬᠢᠴᠠᠭᠤᠯᠬᠤ ᠳᠤ ᠣᠷᠣᠯᠴᠠᠨ᠎ᠠ᠃     ︵ᠳᠣᠯᠤᠭ᠎ᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠦᠲᠤ᠋ ᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ᠂ ᠬᠥᠮᠥᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃     ︵ᠨᠠᠢᠮᠠ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃     ︵ᠶᠢᠰᠦ︶ ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠭᠦᠢᠴᠡᠳᠬᠡᠪᠡᠰᠦ ᠵᠣᠬᠢᠬᠤ ᠪᠠ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ᠳᠥᠷᠪᠡᠳᠦᠭᠡᠷ ᠵᠦᠢᠯ  ᠲᠦᠮᠡᠳ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄     ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠮᠡᠳᠡᠭᠡ ᠵᠠᠩᠭᠢ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ᠂ ᠡᠳ᠋ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠵᠦ᠂ ᠬᠠᠷᠢᠶ᠎ᠠ ᠨᠢᠭᠡᠴᠢ ᠶᠢᠨ ᠢᠶᠠᠨ ᠡᠳ᠋ ᠤᠨ ᠶᠠᠪᠤᠳᠠᠯ᠂ ᠬᠢᠨᠠᠨ ᠪᠤᠳᠤᠬᠤ ᠠᠵᠢᠯ ᠢ ᠵᠢᠯᠣᠭᠤᠳᠤᠨ᠎ᠠ᠃ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠭᠦ ᠬᠤᠷᠢᠶ᠎ᠠ ᠶᠢᠨ ᠲᠤᠰᠢᠶᠠᠯ ᠬᠠᠪᠰᠤᠷᠭᠠᠭᠰᠠᠨ ᠭᠡᠰᠢᠭᠦᠨ ᠤ ᠳᠦᠷᠢᠮ ᠢ ᠬᠡᠷᠡᠭᠵᠢᠭᠦᠯᠵᠦ᠂ ᠲᠤᠰᠢᠶᠠᠯ ᠬᠠᠪᠰᠤᠷᠭᠠᠭᠰᠠᠨ ᠭᠡᠰᠢᠭᠦᠨ ᠨᠢᠭᠡᠴᠡ ᠲᠠᠢ ᠬᠠᠷᠢᠯᠴᠠᠬᠤ ᠪᠣᠳᠠᠲᠠᠢ ᠠᠵᠢᠯ ᠢ ᠡᠭᠦᠷᠭᠡᠯᠡᠨ᠎ᠡ ᠃ ᠴᠢᠬᠤᠯᠠ ᠶᠡᠭᠡ ᠪᠠᠶᠠᠷ ᠤᠨ ᠶᠣᠰᠣᠯᠠᠯ᠂ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠳᠠᠭᠠᠭᠠᠨ ᠡᠷᠬᠢᠯᠡᠬᠦ ᠠᠵᠢᠯ ᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠴᠢᠬᠤᠯᠠ ᠰᠤᠷᠤᠯᠴᠠᠬᠤ᠂ ᠲᠣᠭᠤᠷᠢᠨ ᠦᠵᠡᠬᠦ᠂ ᠰᠢᠨᠵᠢᠯᠡᠨ ᠪᠠᠶᠢᠴᠠᠭᠠᠬᠤ ᠵᠡᠷᠭᠡ ᠶᠠᠪᠤᠳᠠᠯ ᠤᠨ ᠪᠣᠳᠠᠲᠠᠢ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠠᠵᠢᠯᠲᠠᠨ ᠤ ᠶᠠᠪᠤᠳᠠᠯ᠂ ᠬᠥᠳᠡᠯᠮᠦᠷᠢ ᠴᠠᠯᠢᠩ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠢ ᠬᠥᠮᠥᠵᠢᠭᠦᠯᠦᠨ ᠪᠣᠯᠪᠠᠰᠤᠷᠠᠭᠤᠯᠬᠤ ᠠᠵᠢᠯ ᠢ ᠬᠠᠷᠢᠭᠤᠴᠠᠵᠤ᠂ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠰᠢᠰᠲ᠋ᠧᠮ ᠤᠨ ᠺᠠᠳ᠋ᠷ ᠢ ᠬᠥᠮᠥᠵᠢᠭᠦᠯᠦᠨ ᠪᠣᠯᠪᠠᠰᠤᠷᠠᠭᠤᠯᠬᠤ ᠠᠵᠢᠯ ᠢ ᠵᠢᠯᠣᠭᠤᠳᠤᠨ᠎ᠠ᠃ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠬᠤ ᠪᠣᠳᠠᠲᠠᠢ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠦᠨ ᠬᠥᠮᠥᠵᠢᠭᠦᠯᠬᠦ᠂ ᠰᠢᠯᠢᠨ ᠰᠣᠩᠭᠤᠵᠤ ᠲᠠᠨᠢᠯᠴᠠᠭᠤᠯᠬᠤ ᠠᠵᠢᠯ ᠢ ᠳᠠᠭᠠᠭᠠᠨ ᠬᠢᠨ᠎ᠡ᠃      ︵ᠬᠤᠶᠠᠷ︶ ᠲᠤᠬᠠᠶᠢᠯᠠᠭᠰᠠᠨ ᠠᠵᠢᠯ ᠤᠨ ᠰᠲ᠋ᠣᠺ᠃ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠰᠠᠶᠢᠲᠤᠷ ᠬᠢᠨ᠎ᠡ᠃ ᠵᠢᠷᠤᠮᠵᠢᠯ ᠤᠨ ᠴᠢᠨᠠᠷᠲᠠᠢ ᠪᠢᠴᠢᠭ  ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷ  ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ  ᠢ ᠡᠭᠦᠷᠭᠡᠯᠡᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠪᠣᠳᠠᠲᠠᠢ ᠠᠵᠢᠯ ᠢ ᠳᠠᠭᠠᠭᠠᠨ ᠬᠢᠨ᠎ᠡ᠃ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠬᠦ ᠳᠤ ᠬᠤᠯᠪᠣᠭᠳᠠᠬᠤ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯ ᠤᠨ ᠪᠣᠳᠠᠲᠠᠢ ᠵᠢᠯᠣᠭᠤᠳᠤᠯᠭ᠎ᠠ ᠪᠠ ᠵᠣᠬᠢᠴᠠᠭᠤᠯᠭ᠎ᠠ ᠶᠢ ᠳᠠᠭᠠᠭᠠᠨ ᠭᠦᠢᠴᠡᠳᠬᠡᠨ᠎ᠡ᠃ ᠦᠨᠳᠦᠰᠦᠲᠡᠨ ᠤ ᠪᠦᠷᠢᠯᠳᠦᠭᠦᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠳᠠᠭᠠᠭᠠᠨ ᠯᠠᠯᠤ ᠶᠢᠨ ᠢᠳᠡᠭᠡᠨ ᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠠᠵᠢᠯ ᠪᠣᠯᠣᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠢ ᠪᠠᠲᠤᠯᠠᠬᠤ ᠶᠠᠪᠤᠳᠠᠯ ᠳᠤ ᠬᠢᠨᠠᠯᠲᠠ ᠲᠠᠯᠪᠢᠵᠤ ᠰᠢᠢᠳᠪᠦᠷᠢᠯᠡᠨ᠎ᠡ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠤ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢᠨ ᠠᠰᠠᠭᠤᠳᠠᠯ ᠢ ᠰᠤᠳᠤᠯᠵᠤ᠂ ᠬᠤᠯᠪᠣᠭᠳᠠᠯ ᠪᠦᠬᠦᠢ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠡᠭᠦᠷᠭᠡᠯᠡᠨ᠎ᠡ᠃     ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭ᠎ᠠ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠣᠨᠴᠠᠭᠠᠶ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠬᠤ ᠪᠤᠶᠤ ᠬᠠᠮᠵᠢᠯᠴᠠᠵᠤ ᠪᠠᠶᠢᠭᠠᠳ ᠪᠣᠳᠠᠲᠠᠢ ᠤᠴᠢᠷ ᠶᠠᠪᠤᠳᠠᠯ ᠢ ᠰᠢᠢᠳᠪᠦᠷᠢᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠦᠭᠦ ᠬᠤᠰᠢᠭᠤᠨ ᠤ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠵᠤ᠂ ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠣᠳᠠᠲᠠᠢ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠭᠠᠵᠠᠷ ᠣᠷᠣᠨ ᠤ ᠪᠦᠷᠢᠳᠬᠡᠨ ᠵᠠᠳᠠᠯᠬᠤ ᠪᠠ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠢ ᠵᠣᠬᠢᠴᠠᠭᠤᠯᠬᠤ ᠬᠤᠯᠪᠣᠭᠳᠠᠯ ᠪᠦᠬᠦᠢ ᠠᠵᠢᠯ ᠳᠤ ᠣᠷᠣᠯᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠪᠠ ᠶᠠᠳᠠᠭᠤ ᠶᠢ ᠲᠡᠳᠬᠦᠬᠦ ᠠᠵᠢᠯ ᠳᠤ ᠣᠷᠣᠯᠴᠠᠵᠤ᠂ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠵᠢᠯᠤᠭᠤᠳᠬᠤ ᠠᠵᠢᠯ ᠢ ᠰᠠᠶᠢᠲᠤᠷ ᠬᠢᠨ᠎ᠡ᠃ ᠴᠥᠭᠡᠨ ᠲᠣᠭᠠᠲᠤ ᠦᠨᠳᠦᠰᠦᠲᠡᠨ ᠪᠣᠯᠣᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠤ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠬᠠᠮᠢᠶ᠎ᠠ ᠪᠦᠬᠦᠢ ᠣᠨᠴᠣᠭᠤᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠬᠤ ᠪᠤᠶᠤ ᠬᠠᠮᠵᠢᠯᠴᠠᠵᠤ ᠪᠠᠶᠢᠭᠠᠳ ᠬᠠᠮᠢᠶ᠎ᠠ ᠪᠦᠬᠦᠢ ᠠᠵᠢᠯ  ᠢ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠦᠨᠳᠦᠰᠦᠲᠡᠨ ᠤ ᠰᠣᠶᠣᠯ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠬᠦ ᠪᠠ ᠴᠥᠭᠡᠨ ᠲᠣᠭᠠᠲᠤ ᠦᠨᠳᠦᠰᠦᠲᠡᠨ  ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠨ ᠡᠷᠬᠢᠯᠡᠬᠦ ᠪᠣᠳᠠᠲᠠᠢ ᠠᠵᠢᠯ  ᠢ ᠡᠭᠦᠷᠭᠡᠯᠡᠨ᠎ᠡ᠃  ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ᠂ ᠬᠤᠰᠢᠭᠤᠨ ᠤ ᠴᠥᠭᠡᠨ ᠲᠣᠭᠠᠲᠤ ᠦᠨᠳᠦᠰᠦᠲᠡᠨ ᠤ ᠬᠡᠯᠡ ᠪᠢᠴᠢᠭ ᠤᠨ ᠠᠵᠢᠯ ᠤᠨ ᠲᠤᠬᠠᠢ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ᠂ ᠪᠢᠴᠢᠭ ᠮᠠᠲ᠋ᠧᠷᠢᠶᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠮᠣᠩᠭᠤᠯ ᠦᠭᠡ ᠬᠡᠯᠡ ᠥᠰᠥᠭ ᠪᠢᠴᠢᠭ ᠢ ᠰᠤᠷᠤᠯᠴᠠᠬᠤ᠂ ᠬᠡᠷᠡᠭᠯᠡᠬᠦ ᠶᠢ ᠰᠤᠳᠤᠯᠬᠤ ᠪᠠ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠲᠥᠯᠦᠪᠵᠢᠭᠦᠯᠭᠡ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠬᠡᠷᠡᠭᠵᠢᠭᠦᠯᠬᠦ ᠶᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠦᠷᠦ ᠶᠢᠨ ᠪᠣᠳᠣᠯᠭ᠎ᠠ ᠶᠢᠨ ᠰᠠᠨᠠᠯ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠮᠣᠩᠭᠤᠯ ᠬᠡᠯᠡ ᠪᠢᠴᠢᠭ ᠤᠨ ᠰᠠᠶᠢᠰᠢᠶᠠᠨ ᠬᠥᠬᠢᠭᠦᠯᠬᠦ ᠠᠵᠢᠯᠯᠠᠭ᠎ᠠ ᠶᠢ ᠳᠠᠭᠠᠭᠠᠨ ᠪᠡᠶᠡᠯᠡᠭᠦᠯᠦᠨ᠎ᠡ᠃ ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠵᠢᠭᠤᠯᠬᠤ᠂ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ ᠮᠣᠩᠭᠤᠯ ᠬᠡᠯᠡ ᠪᠠᠷ ᠬᠢᠴᠢᠶᠡᠯᠯᠡᠬᠦ ᠪᠠᠷ ᠭᠤᠣᠯ ᠪᠣᠯᠭᠠᠭᠰᠠᠨ ᠦᠨᠳᠦᠰᠦᠲᠡᠨ ᠤ ᠰᠤᠷᠭᠠᠨ ᠬᠥᠮᠦᠵᠢᠯ ᠵᠢᠴᠢ ᠦᠨᠳᠦᠰᠦᠲᠡᠨ ᠤ ᠰᠣᠶᠣᠯ ᠤᠷᠠᠯᠢᠭ᠂ ᠮᠣᠩᠭᠤᠯ ᠬᠡᠯᠡᠨ ᠤ ᠰᠣᠨᠢᠨ ᠮᠡᠳᠡᠭᠡ ᠬᠡᠪᠯᠡᠯ᠂ ᠮᠣᠩᠭᠤᠯ ᠬᠡᠯᠡᠨ ᠤ ᠷᠠᠳᠢᠣ᠋ ᠺᠢᠨᠣ᠋ ᠲᠧᠯᠸᠢᠰ ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠪᠣᠯᠣᠨ ᠬᠤᠳᠠ ᠶᠢᠨ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠤᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ ᠪᠡᠶᠡᠯᠡᠭᠦᠯᠦᠨ᠎ᠡ᠃ ᠪᠦᠭᠦ ᠬᠤᠰᠢᠭᠤᠨ ᠤ ᠦᠨᠳᠦᠰᠦᠲᠡᠨ ᠤ ᠲᠤᠯᠭᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠠᠪᠤᠷᠠᠬᠤ ᠪᠠ ᠬᠠᠮᠠᠭᠠᠯᠠᠬᠤ ᠠᠵᠢᠯ ᠳᠤ ᠣᠷᠣᠯᠴᠠᠨ᠎ᠠ ᠃ ᠪᠦᠭᠦ ᠬᠤᠰᠢᠭᠤᠨ ᠤ ᠦᠨᠳᠦᠰᠦᠲᠡᠨ ᠤ ᠲᠤᠯᠭᠤᠷ ᠪᠢᠴᠢᠭ ᠤᠨ ᠬᠡᠪᠯᠡᠯ ᠤᠨ ᠠᠵᠢᠯ ᠳᠤ ᠣᠷᠣᠯᠴᠠᠨ᠎ᠠ᠃ ᠪᠦᠭᠦ ᠬᠤᠰᠢᠭᠤᠨ ᠤ ᠦᠨᠳᠦᠰᠦᠲᠡᠨ ᠤ ᠲᠤᠯᠭᠤᠷ ᠪᠢᠴᠢᠭ ᠢ ᠬᠠᠮᠠᠭᠠᠯᠠᠬᠤ ᠲᠠᠯ᠎ᠠ ᠶᠢᠨ ᠲᠦᠷᠦ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ; ᠬᠤᠯᠪᠣᠭᠳᠠᠯ ᠪᠦᠬᠦᠢ ᠦᠨᠳᠦᠰᠦᠲᠡᠨ ᠤ ᠲᠤᠯᠭᠤᠷ ᠪᠢᠴᠢᠭ ᠤᠨ ᠡᠷᠳᠡᠮ ᠰᠢᠨᠵᠢᠯᠡᠭᠡᠨ ᠤ ᠰᠤᠳᠤᠯᠭᠠᠨ ᠪᠠ ᠬᠠᠮᠵᠢᠯᠴᠠᠨ ᠰᠣᠯᠢᠯᠴᠠᠬᠤ ᠠᠵᠢᠯᠯᠠᠭ᠎ᠠ ᠶᠢ ᠵᠣᠬᠢᠴᠠᠭᠤᠯᠤᠨ ᠬᠠᠮᠵᠢᠯᠴᠠᠨ᠎ᠠ᠃      ᠪᠠᠶᠢᠭᠤᠯᠭ᠎ᠠ ᠶᠢᠨ ᠨᠠᠮ ᠤᠨ ᠡᠭᠦᠷ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠨ᠎ᠠ᠃     ᠲᠠᠪᠤᠳᠤᠭᠠᠷ ᠵᠦᠢᠯ    ᠲᠦᠮᠡᠳ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 5 ᠬᠥᠮᠥᠨ᠃ ᠰᠠᠯᠠᠭᠠᠨ ᠤ ᠲᠠᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠶᠢ 3 ᠨᠡᠷᠡᠰ ᠬᠢᠨᠠᠨ ᠲᠣᠭᠲᠠᠭᠠᠨ᠎ᠠ᠃ ︵1 ᠵᠢᠩᠬᠢᠨᠢ 2 ᠳᠡᠳ᠋︶᠃     ᠵᠢᠷᠭᠤᠳᠤᠭᠠᠷ ᠵᠦᠢᠯ     ᠲᠦᠮᠡᠳ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃     ᠳᠣᠯᠣᠳᠤᠭᠠᠷ ᠵᠦᠢᠯ    ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠤ ᠲᠣᠬᠢᠷᠠᠭᠤᠯᠤᠯᠲᠠ ᠶᠢ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃     ᠨᠠᠢᠮᠠᠳᠤᠭᠠᠷ ᠵᠦᠢᠯ    ᠡᠭᠦᠨ ᠠᠴᠠ ᠡᠮᠦᠨ᠎ᠡ ᠲᠤᠰ ᠲᠣᠭᠲᠠᠭᠠᠯ ᠲᠠᠢ ᠨᠢᠭᠡᠳᠦᠯ ᠦᠭᠡᠢ ᠪᠠᠶᠢᠪᠠᠯ᠂ ᠲᠤᠰ ᠲᠣᠭᠲᠠᠭᠠᠯ ᠤᠨ ᠶᠣᠰᠣᠭᠠᠷ ᠬᠡᠷᠡᠭᠵᠢᠭᠦᠯᠦᠨ᠎ᠡ᠃     ᠶᠢᠰᠦᠳᠦᠭᠡᠷ ᠵᠦᠢᠯ   ᠲᠣᠰ ᠲᠣᠭᠲᠠᠭᠠᠯ ᠢ 2019 ᠣᠨ ᠤ 3 ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃     ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ ᠵᠡᠭᠡᠯᠢ ᠶᠢᠨ ᠴᠡᠯᠡᠭᠡᠷ ᠲᠠᠯ᠎ᠠ ᠶᠡᠭᠡ ᠠᠰᠠᠷ ᠤᠨ 7 ᠳ᠋ᠤᠭᠠᠷ ᠳᠡᠭᠲᠡᠷ      ᠬᠠᠷᠢᠯᠴᠠᠬᠤ ᠤᠲᠠᠰᠤ᠄ 0471-8112404      ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 ︱ 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠵᠢᠶᠠ ᠲᠢᠶᠠᠨ ᠢ  
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号