ᠨᠢᠭᠡᠳᠦᠭᠡᠷ ᠵᠦᠢᠯ ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ | ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠰᠢᠭᠤᠨ ᠤ | ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠲᠦᠮᠡᠳ ᠵᠡᠭᠦᠨ | ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ | ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠲᠦᠮᠡᠳ ᠵᠡᠭᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠯ ᠲᠦᠮᠡᠳ | ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ | ᠲᠠᠰ ᠪᠣᠯᠣᠨ᠎ᠠ᠃ | ᠭᠤᠷᠪᠠᠳᠤᠭᠠᠷ ᠵᠦᠢᠯ ᠲᠦᠮᠡᠳ ᠵᠡᠭᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠥᠪ ᠤᠨ | ᠠᠷᠠᠳ ᠤᠨ ᠶᠠᠪᠤᠳᠠᠯ ᠤᠨ ᠠᠵᠢᠯ ᠤᠨ ᠲᠤᠬᠠᠢ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠠᠪᠤᠴᠠ ᠳᠤ ᠨᠠᠮ ᠤᠨ ᠠᠷᠠᠳ ᠤᠨ ᠶᠠᠪᠤᠳᠠᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ | ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ | ᠵᠡᠭᠡᠯᠢ ᠶᠢᠨ ᠨᠠᠮ ᠵᠠᠰᠠᠭ ᠤᠨ ᠠᠯᠪᠠᠨ ᠠᠰᠠᠷ ᠤᠨ ᠪᠠᠷᠠᠭᠤᠨ ᠲᠤᠰᠠᠯᠠᠬᠤ ᠵᠠᠮ ᠤᠨ ᠪᠠᠷᠠᠭᠤᠨ ᠲᠠᠯ᠎ᠠ | ᠬᠠᠷᠢᠯᠴᠠᠬᠤ ᠤᠲᠠᠰᠤ᠄ 0471-2642919 | ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 | ︱ 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠬᠠᠷᠢᠭᠤᠴᠠᠯᠭᠠᠲᠠᠨ᠄ ᠰᠦᠨ ᠵᠢᠶᠠᠨ | | |