ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/3/11
     ᠨᠢᠭᠡᠳᠦᠭᠡᠷ ᠵᠦᠢᠯ  ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃     ᠬᠤᠶᠠᠳᠤᠭᠠᠷ ᠵᠦᠢᠯ  ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠣᠯ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠣᠨ᠎ᠠ᠃     ᠭᠤᠷᠪᠠᠳᠤᠭᠠᠷ ᠵᠦᠢᠯ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠬᠤᠰᠢᠭᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠰᠢᠭᠤᠳ ᠤᠳᠤᠷᠢᠳᠤᠯᠭ᠎ᠠ ᠶᠢ ᠬᠦᠯᠢᠶᠡᠵᠦ᠂ ᠬᠤᠰᠢᠭᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠣᠳᠠᠲᠠᠢ ᠠᠵᠢᠯ ᠢ ᠡᠭᠦᠷᠭᠡᠯᠡᠵᠦ᠂ ︽ᠮᠠᠯᠵᠢᠬᠤ ᠲᠠᠷᠢᠶᠠᠯᠠᠬᠤ ᠣᠷᠣᠨ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠴᠢᠬᠤᠯᠠ ᠶᠡᠭᠡ ᠠᠰᠠᠭᠤᠳᠠᠯ ᠤᠨ ᠲᠤᠬᠠᠢ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ ᠰᠢᠮᠳᠠᠭᠤᠯᠵᠤ ᠪᠠᠶᠢᠭᠠᠳ ᠬᠤᠰᠢᠭᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠲᠣᠭᠲᠠᠭᠠᠭᠰᠠᠨ ᠵᠦᠢᠯᠡᠰ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠨᠠᠶᠢᠳᠠᠪᠤᠷᠢᠵᠢᠭᠤᠯᠤᠨ᠎ᠠ᠃ ᠬᠤᠰᠢᠭᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠣᠲᠣᠭᠠᠳᠤ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠰᠢᠭᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠬᠤᠰᠢᠭᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠤᠳᠤᠷᠢᠳᠤᠯᠭ᠎ᠠ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠦᠯᠢᠶᠡᠨ᠎ᠡ᠃     ᠳᠥᠷᠪᠡᠳᠦᠭᠡᠷ ᠵᠦᠢᠯ  ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠠᠮ ᠤᠨ ᠲᠥᠪ ᠬᠤᠷᠢᠶ᠎ᠠ ᠶᠢᠨ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃     ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ ᠵᠡᠭᠡᠯᠢ ᠶᠢᠨ ᠨᠢᠭᠡᠳᠦᠭᠡᠷ ᠵᠡᠭᠡᠯᠢ ᠶᠢᠨ ᠵᠡᠭᠦᠨ ᠲᠠᠯ᠎ᠠᠬᠠᠷᠢᠯᠴᠠᠬᠤ ᠤᠲᠠᠰᠤ᠄ 0471-8159839     ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 ︱ 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶     ᠬᠠᠷᠢᠭᠤᠴᠠᠯᠭᠠᠲᠠᠨ᠄ ᠱᠢ ᠸᠧᠨ ᠬᠤᠩ  
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号