ᠨᠢᠭᠡᠳᠦᠭᠡᠷ ᠵᠦᠢᠯ ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ | ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠰᠢᠭᠤᠨ ᠤ | ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠲᠦᠮᠡᠳ ᠵᠡᠭᠦᠨ | ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ | ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠲᠦᠮᠡᠳ ᠵᠡᠭᠦᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠪᠣᠯ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ | ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠲᠠᠰ ᠪᠣᠯᠣᠨ᠎ᠠ᠃ | ᠭᠤᠷᠪᠠᠳᠤᠭᠠᠷ ᠵᠦᠢᠯ ᠲᠦᠮᠡᠳ ᠵᠡᠭᠦᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠨᠠᠮ ᠤᠨ ᠲᠥᠪ ᠬᠤᠷᠢᠶ᠎ᠠ ᠶᠢᠨ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ | ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ | ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ | ᠵᠡᠭᠡᠯᠢ ᠶᠢᠨ ᠬᠤᠶᠢᠲᠤ ᠲᠠᠯ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠣᠮᠣ ᠠᠰᠠᠷ | ᠬᠠᠷᠢᠯᠴᠠᠬᠤ ᠤᠲᠠᠰᠤ᠄ 0471-8162600 | ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 | ︱ 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠬᠠᠷᠢᠭᠤᠴᠠᠯᠭᠠᠲᠠᠨ᠄ ᠬᠠᠨ ᠱᠣ ᠯᠢᠨ | | |