1982 ᠣᠨ ᠤ 12 ᠳ᠋ᠤᠭᠠᠷ ᠰᠠᠷ᠎ᠠ ᠶᠢᠨ 4 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠠᠪᠤᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠬᠤᠷᠠᠯᠳᠤᠭᠠᠨ ᠠᠴᠠ ᠪᠠᠲᠤᠯᠠᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠨ ᠬᠠᠤᠯᠢ︾ ᠪᠠ 1983 ᠣᠨ ᠤ 7 ᠳ᠋ᠤᠭᠠᠷ ᠰᠠᠷ᠎ᠠ ᠶᠢᠨ 8 ᠤ ᠡᠳᠦᠷ ᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽︿ᠣᠷᠣᠨ ᠨᠤᠲᠤᠭ ᠤᠨ ᠡᠯ᠎ᠡ ᠱᠠᠲᠤᠨ ᠤ | ᠬᠢᠨᠠᠨ ᠪᠤᠳᠤᠬᠤ ᠪᠠᠶᠢᠭᠤᠯᠭ᠎ᠠ ᠶᠢᠨ ᠪᠠᠶᠢᠷᠢᠯᠠᠭᠤᠯᠤᠯᠲᠠ ᠪᠠ ᠠᠵᠢᠯᠲᠠᠨ ᠤ ᠣᠷᠣᠨ ᠲᠤᠭ᠎ᠠ ᠶᠢᠨ ᠠᠰᠠᠭᠤᠳᠠᠯ ᠤᠨ | ᠲᠤᠬᠠᠢ ᠠᠯᠪᠠᠲᠠᠨ ᠤ ᠮᠡᠳᠡᠭᠳᠡᠯ﹀ ︵ᠲᠥᠷᠥ ᠶᠢᠨ ᠶᠠᠪᠤᠳᠠᠯ ᠤᠨ ᠬᠤᠷᠢᠶ᠎ᠠ ﹇1983﹈ 36 ᠳ᠋ᠤᠭᠠᠷ ᠲᠣᠭᠠᠲᠤ︶︾ | ︵ᠥᠪᠥᠷᠮᠤᠩᠭᠤᠯ ᠤᠨ ᠵᠠᠰᠠᠭ ᠤ ᠣᠷᠳᠤᠨ ᠤ ᠲᠠᠷᠬᠠᠭᠠᠭᠰᠠᠨ ﹇1983﹈ 216 ᠳ᠋ᠤᠭᠠᠷ ᠲᠣᠭᠠᠲᠤ︶ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠦᠮᠡᠳ ᠵᠡᠭᠦᠨ ᠬᠤᠰᠢᠭᠤ 1984 ᠣᠨ ᠤ 7 ᠰᠠᠷ᠎ᠠ ᠳᠤ | ᠬᠤᠰᠢᠭᠤᠨ ᠳᠠᠷᠤᠭ᠎ᠠ ᠨᠠᠷ ᠤᠨ ᠠᠯᠪᠠᠨ ᠠᠵᠢᠯ ᠤᠨ ᠬᠤᠷᠠᠯ ᠢᠶᠠᠷ ᠳᠡᠮᠵᠢᠨ᠂ ᠲᠦᠮᠡᠳ ᠵᠡᠭᠦᠨ ᠬᠤᠰᠢᠭᠤᠨ ᠤ ᠬᠢᠨᠠᠨ | ᠪᠤᠳᠤᠬᠤ ᠲᠣᠪᠴᠢᠶ᠎ᠠ ᠶᠢ ᠪᠠᠶᠢᠭᠤᠯᠬᠤ ᠪᠠᠷ ᠲᠣᠭᠲᠠᠪᠠ᠃ | ᠲᠦᠮᠡᠳ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠪᠣᠯ ᠲᠦᠮᠡᠳ ᠵᠡᠭᠦᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠣᠨ᠎ᠠ᠃ | ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠠᠯᠪᠠᠨ ᠭᠡᠷ ᠢ ᠲᠦᠮᠡᠳ | ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠳᠤ ᠲᠣᠬᠢᠷᠠᠭᠤᠯᠵᠤ᠂ ᠬᠤᠰᠢᠭᠤᠨ ᠨᠠᠮ ᠤᠨ ᠬᠤᠷᠢᠶ᠎ᠠ ᠶᠢᠨ | ᠬᠢᠨᠠᠨ ᠪᠤᠳᠤᠬᠤ ᠵᠥᠪᠯᠡᠯ ᠤᠨ ᠰᠢᠭᠤᠳ ᠤᠳᠤᠷᠢᠳᠤᠯᠭ᠎ᠠ ᠶᠢ ᠬᠦᠯᠢᠶᠡᠵᠦ᠂ ᠬᠤᠰᠢᠭᠤᠨ ᠤ ᠨᠠᠮ ᠤᠨ ᠬᠤᠷᠢᠶᠠᠨ ᠤ | ᠬᠢᠨᠠᠨ ᠪᠤᠳᠤᠬᠤ ᠵᠥᠪᠯᠡᠯ ᠤᠨ ᠪᠣᠳᠠᠲᠠᠢ ᠠᠵᠢᠯ ᠢ ᠡᠭᠦᠷᠭᠡᠯᠡᠵᠦ᠂ ᠬᠢᠨᠠᠨ ᠪᠣᠳᠣᠬᠤ ᠬᠦᠷᠢᠶᠡᠨ ᠳᠠᠬᠢ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠤᠰᠢᠭᠤᠨ ᠤ ᠬᠢᠨᠠᠨ ᠪᠤᠳᠤᠬᠤ ᠠᠵᠢᠯ ᠤᠨ ᠲᠥᠯᠦᠪᠵᠢᠭᠦᠯᠭᠡ᠂ | ᠴᠢᠬᠤᠯᠠ ᠬᠢᠨᠠᠨ ᠪᠤᠳᠤᠬᠤ ᠵᠦᠢᠯᠡᠰ ᠢ ᠵᠣᠬᠢᠶᠠᠨ ᠪᠠᠶᠢᠭᠤᠯᠤᠨ ᠰᠤᠳᠤᠯᠵᠤ᠂ ᠲᠥᠪ ᠤᠨ ᠪᠠ ᠲᠥᠪ ᠤᠨ ᠬᠢᠨᠠᠨ | ᠪᠤᠳᠤᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ᠂ ᠬᠤᠲᠠ ᠶᠢᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ | ᠬᠤᠷᠢᠶ᠎ᠠ ᠶᠢᠨ ᠬᠢᠨᠠᠨ ᠪᠤᠳᠤᠬᠤ ᠵᠥᠪᠯᠡᠯ᠂ ᠬᠤᠰᠢᠭᠤᠨ ᠤ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ | ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ | ᠠᠬᠢᠭᠤᠯᠬᠤ ᠪᠠ ᠰᠢᠮᠳᠠᠭᠤᠯᠤᠨ ᠨᠠᠶᠢᠳᠠᠪᠤᠷᠢᠵᠢᠭᠤᠯᠵᠤ᠂ ᠣᠨ ᠤ ᠬᠢᠨᠠᠨ ᠪᠤᠳᠤᠬᠤ ᠲᠥᠷᠥᠯ ᠵᠦᠢᠯ ᠤᠨ | ᠲᠥᠯᠥᠪᠯᠡᠭᠡ ᠶᠢ ᠰᠤᠳᠤᠯᠤᠨ ᠳᠤᠷᠠᠳᠴᠤ᠂ ᠬᠢᠨᠠᠨ ᠪᠤᠳᠤᠬᠤ ᠬᠠᠮᠵᠢᠯᠴᠠᠭ᠎ᠠ ᠶᠢᠨ ᠬᠠᠮᠢᠶ᠎ᠠ ᠪᠦᠬᠦᠢ ᠵᠦᠢᠯᠡᠰ ᠢ | ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠬᠤᠰᠢᠭᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ | ᠠᠯᠪᠠᠨ ᠭᠡᠷ ᠤᠨ ᠨᠠᠷᠢᠨ ᠪᠢᠴᠢᠭᠡᠴᠢ ᠶᠢᠨ ᠲᠠᠰᠤᠭ ᠢ ᠪᠠᠶᠢᠭᠤᠯᠵᠤ᠂ ᠬᠤᠰᠢᠭᠤᠨ ᠨᠠᠮ ᠤᠨ ᠬᠤᠷᠢᠶᠠᠨ ᠤ ᠬᠢᠨᠠᠨ | ᠪᠤᠳᠤᠬᠤ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠬᠡᠷᠡᠭ ᠶᠠᠪᠤᠳᠠᠯ ᠢ ᠬᠤᠰᠢᠭᠤᠨ ᠬᠢᠨᠠᠨ ᠪᠤᠳᠤᠬᠤ | ᠲᠣᠪᠴᠢᠶ᠎ᠠ ᠶᠢᠨ ᠳᠣᠲᠣᠭᠠᠳᠤ ᠪᠠᠶᠢᠭᠤᠯᠤᠮᠵᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠰᠢᠭᠤᠨ ᠨᠠᠮ ᠤᠨ | ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠠᠯᠪᠠᠨ ᠭᠡᠷ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠬᠤᠰᠢᠭᠤᠨ | ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠠᠯᠪᠠᠨ ᠭᠡᠷ ᠤᠨ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠶᠢ ᠬᠦᠯᠢᠶᠡᠨ᠎ᠡ᠃ | ᠲᠦᠮᠡᠳ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠨᠠᠮ ᠤᠨ ᠲᠥᠪ ᠬᠤᠷᠢᠶᠠᠨ ᠤ ᠬᠢᠨᠠᠨ ᠪᠤᠳᠤᠬᠤ | ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠠᠪᠤᠴᠠ ᠳᠤ ᠨᠠᠮ ᠤᠨ ᠬᠢᠨᠠᠨ ᠪᠤᠳᠤᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠪᠠ᠃ | | ᠠᠯᠪᠠᠨ ᠭᠡᠷ ᠤᠨ ᠬᠠᠷᠢᠭᠤᠴᠠᠯᠭᠠᠲᠠᠨ᠄ ᠰᠠᠶᠢᠨᠬᠦᠦ | ᠵᠠᠰᠠᠭ ᠵᠠᠬᠢᠷᠭ᠎ᠠ ᠠᠵᠢᠯ ᠦᠢᠯᠡᠰ ᠵᠢᠴᠢ ᠡᠳ᠋ ᠤᠨ ᠵᠠᠰᠠᠭ ᠤᠨ ᠬᠢᠨᠠᠨ ᠪᠤᠳᠤᠬᠤ ᠲᠠᠰᠤᠭ ᠤᠨ | ᠬᠠᠷᠢᠭᠤᠴᠠᠯᠭᠠᠲᠠᠨ᠄ ᠸᠠᠩ ᠵᠢᠩ ᠯᠢ | ᠲᠠᠷᠢᠶᠠᠯᠠᠩ ᠬᠢᠭᠡᠳ ᠡᠬᠢ ᠪᠠᠶᠠᠯᠢᠭ ᠤᠨ ᠬᠢᠨᠠᠨ ᠪᠤᠳᠤᠬᠤ ᠲᠠᠰᠤᠭ ᠤᠨ ᠬᠠᠷᠢᠭᠤᠴᠠᠯᠭᠠᠲᠠᠨ᠄ ᠶᠦᠨ ᡁᠢ | ᠷᠦᠩ | ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠬᠢᠨᠠᠨ ᠪᠤᠳᠤᠬᠤ ᠲᠠᠰᠤᠭ ᠤᠨ ᠬᠠᠷᠢᠭᠤᠴᠠᠯᠭᠠᠲᠠᠨ᠄ ᠵᠣᠣ ᠨᠢᠩ | ᠢᠦᠢ | ᠲᠥᠷᠥ ᠶᠢᠨ ᠪᠣᠳᠣᠯᠭ᠎ᠠ ᠶᠢᠨ ᠮᠥᠷᠳᠡᠯᠲᠡ ᠬᠢᠭᠡᠳ ᠠᠵᠤ ᠠᠬᠤᠶᠢᠯᠠᠯ ᠤᠨ ᠬᠢᠨᠠᠨ ᠪᠤᠳᠤᠬᠤ ᠲᠠᠰᠤᠭ ᠤᠨ | ᠬᠠᠷᠢᠭᠤᠴᠠᠯᠭᠠᠲᠠᠨ᠄ ᠵᠧᠩ ᠸᠧᠨ ᠯᠢᠨ | ᠬᠠᠤᠯᠢ ᠲᠣᠭᠲᠠᠭᠠᠯ ᠤᠨ ᠲᠠᠰᠤᠭ ᠤᠨ ᠬᠠᠷᠢᠭᠤᠴᠠᠯᠭᠠᠲᠠᠨ᠄ ᠳ᠋ᠢᠩ ᠰᠢᠶᠣᠣ ᠳ᠋ᠦᠩ | ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠯᠪᠠᠨ ᠭᠡᠷ ᠤᠨ ᠬᠠᠷᠢᠭᠤᠴᠠᠯᠭᠠᠲᠠᠨ᠄ ᠵᠠᠩ ᠢᠦᠢ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠢᠨᠠᠨ ᠪᠤᠳᠤᠬᠤ ᠲᠠᠰᠤᠭ ᠤᠨ ᠬᠠᠷᠢᠭᠤᠴᠠᠯᠭᠠᠲᠠᠨ᠄ ᠪᠠᠢ | ᠷᠦᠢ ᠰᠢᠶᠠ | ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ | ᠵᠡᠭᠡᠯᠢ ᠶᠢᠨ ᠬᠤᠶᠢᠲᠤ ᠲᠠᠯ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠡᠭᠦᠨ ᠲᠠᠯ᠎ᠠ | ᠬᠠᠷᠢᠯᠴᠠᠬᠤ ᠤᠲᠠᠰᠤ᠄ 0471-8112315 | ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 | ︱ 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠬᠠᠷᠢᠭᠤᠴᠠᠯᠭᠠᠲᠠᠨ᠄ ᠯᠢ ᠴᠢᠩ ᠯᠢᠩ | | |