ᠲᠦᠮᠡᠳ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ 
ᠨᠡᠶᠢᠲᠡᠯᠡᠭᠰᠡᠨ ᠴᠠᠭ᠄
2024/3/11
     ᠨᠢᠭᠡᠳᠦᠭᠡᠷ ᠵᠦᠢᠯ  ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠠ ︽ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃      ᠬᠤᠶᠠᠳᠤᠭᠠᠷ ᠵᠦᠢᠯ  ᠲᠦᠮᠡᠳ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠣᠯ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠣᠨ᠎ᠠ᠃      ᠭᠤᠷᠪᠠᠳᠤᠭᠠᠷ ᠵᠦᠢᠯ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠪᠠᠨ ᠵᠠᠰᠠᠬᠤ ᠬᠤᠷᠢᠶ᠎ᠠ ᠶᠢᠨ ᠠᠯᠪᠠᠨ ᠭᠡᠷ ︵ᠳᠣᠷᠣᠭᠰᠢ ᠬᠤᠰᠢᠭᠤᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠬᠤᠰᠢᠭᠤ ᠪᠠᠨ ᠵᠠᠰᠠᠬᠤ ᠠᠯᠪᠠᠨ ᠭᠡᠷ ᠭᠡᠵᠦ ᠲᠣᠪᠴᠢᠯᠠᠨ᠎ᠠ︶ ᠢ ᠬᠠᠤᠯᠢ ᠴᠠᠭᠠᠵᠠ ᠶᠢᠨ ᠲᠣᠪᠴᠢᠶ᠎ᠠ ᠳᠤ ᠲᠣᠬᠢᠷᠠᠭᠤᠯᠤᠨ᠎ᠠ᠃ ᠺᠣᠮᠢᠰ ᠤᠨ ᠰᠢᠭᠤᠳ ᠤᠳᠤᠷᠢᠳᠤᠯᠭ᠎ᠠ ᠶᠢ ᠬᠦᠯᠢᠶᠡᠵᠦ᠂ ᠺᠣᠮᠢᠰ ᠤᠨ ᠪᠣᠳᠠᠲᠠᠢ ᠠᠵᠢᠯ ᠢ ᠡᠭᠦᠷᠭᠡᠯᠡᠵᠦ᠂ ᠪᠥᠬᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠶᠢ ᠵᠠᠰᠠᠬᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠺᠣᠮᠢᠰ ᠤᠨ ᠲᠣᠭᠲᠠᠭᠠᠭᠰᠠᠨ ᠵᠦᠢᠯᠡᠰ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠰᠢᠮᠳᠠᠭᠤᠯᠤᠨ᠎ᠠ᠃ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠲᠦᠭᠡᠮᠡᠯᠵᠢᠭᠦᠯᠬᠦ ᠪᠠ ᠬᠠᠤᠯᠢ ᠪᠠᠷ ᠵᠠᠰᠠᠬᠤ ᠶᠢ ᠰᠢᠮᠳᠠᠭᠤᠯᠤᠨ ᠪᠠᠶᠢᠴᠠᠭᠠᠬᠤ ᠲᠠᠰᠤᠭ  ᠠᠴᠠ ᠬᠤᠰᠢᠭᠤᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠬᠤᠰᠢᠭᠤ ᠪᠠᠨ ᠵᠠᠰᠠᠵᠤ ᠡᠳᠦᠷ ᠲᠤᠲᠤᠮ ᠤᠨ ᠬᠡᠷᠡᠭ ᠶᠠᠪᠤᠳᠠᠯ ᠢ ᠰᠢᠢᠳᠪᠦᠷᠢᠯᠡᠨ᠎ᠡ᠃ ᠬᠠᠤᠯᠢ ᠴᠠᠭᠠᠵᠠ ᠶᠢᠨ ᠲᠣᠪᠴᠢᠶ᠎ᠠ ᠶᠢᠨ ᠳᠣᠲᠣᠭᠠᠳᠤ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠰᠢᠭᠤᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠬᠤᠰᠢᠭᠤ ᠪᠠᠨ ᠵᠠᠰᠠᠬᠤ ᠠᠯᠪᠠᠨ ᠭᠡᠷ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠬᠤᠰᠢᠭᠤ ᠪᠠᠨ ᠵᠠᠰᠠᠬᠤ ᠠᠯᠪᠠᠨ ᠭᠡᠷ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠦᠯᠢᠶᠡᠨ᠎ᠡ᠃      ᠳᠥᠷᠪᠡᠳᠦᠭᠡᠷ ᠵᠦᠢᠯ  ᠬᠤᠰᠢᠭᠤᠨ ᠬᠠᠤᠯᠢ ᠴᠠᠭᠠᠵᠠ ᠶᠢᠨ ᠲᠣᠪᠴᠢᠶ᠎ᠠ ᠨᠠᠮ ᠤᠨ ᠲᠥᠪ ᠬᠤᠷᠢᠶ᠎ᠠ ᠶᠢᠨ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠬᠠᠤᠯᠢ ᠴᠠᠭᠠᠵᠠ ᠶᠢᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃     ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ ᠠᠰᠠᠷ ᠤᠨ ᠨᠠᠢᠮᠠᠳᠤᠭᠠᠷ ᠳᠡᠭᠲᠡᠷ     ᠬᠠᠷᠢᠯᠴᠠᠬᠤ ᠤᠲᠠᠰᠤ᠄ 0471-8112679     ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 ︱ 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶     ᠬᠠᠷᠢᠭᠤᠴᠠᠯᠭᠠᠲᠠᠨ᠄ ᠸᠠᠩ ᠵᠢᠶᠠᠨ ᠵᠢᠶᠠᠨ  
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号