ᠲᠦᠮᠡᠳ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/3/11
     ᠲᠦᠮᠡᠳ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ 2019 ᠣᠨ ᠤ 3 ᠰᠠᠷ᠎ᠠ ᠶᠢᠨ 19 ᠤ ᠡᠳᠦᠷ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠵᠤ᠂ ᠬᠤᠰᠢᠭᠤᠨ ᠤ ᠵᠠᠰᠠᠭ ᠤᠨ ᠣᠷᠳᠣᠨ ᠤ ᠰᠢᠭᠤᠳ ᠬᠠᠷᠢᠶ᠎ᠠ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠵᠠᠢ᠃ ᠣᠲᠣ ᠠᠯᠪᠠᠨ ᠭᠡᠷ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠰᠲ᠋ᠣᠺ᠂ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠯᠪᠠᠨ ᠭᠡᠷ᠂ ᠬᠠᠷᠠᠭᠠᠯᠵᠠᠯ ᠦᠵᠡᠭᠦᠯᠬᠦ ᠠᠰᠠᠷᠠᠮᠵᠢ ᠶᠢᠨ ᠠᠯᠪᠠᠨ ᠭᠡᠷ᠂ ᠲᠥᠯᠦᠪᠵᠢᠭᠦᠯᠭᠡ ᠶᠢᠨ ᠡᠳ᠋ ᠤᠨ ᠶᠠᠪᠤᠳᠠᠯ ᠤᠨ ᠰᠲ᠋ᠣᠺ᠂ ᠬᠤᠶᠠᠷ ᠢ ᠬᠦᠷᠢᠶᠡᠯᠡᠬᠦ ᠶᠢ ᠠᠬᠢᠭᠤᠯᠬᠤ ᠲᠥᠪ ᠵᠡᠷᠭᠡ 6 ᠰᠲ᠋ᠣᠺ ᠤᠨ ᠲᠠᠰᠤᠭ ᠲᠠᠢ ᠪᠣᠯᠪᠠ᠃ ᠲᠣᠪᠴᠢᠶ᠎ᠠ ᠳᠤ ᠬᠠᠷᠢᠶᠠᠯᠠᠭᠳᠠᠬᠤ ᠰᠲ᠋ᠣᠺ ᠤᠨ ᠲᠠᠰ ᠤᠨ ᠠᠵᠢᠯ ᠦᠢᠯᠡᠰ ᠤᠨ ᠨᠢᠭᠡᠴᠡ 2 ᠪᠣᠶ᠄ ᠲᠦᠮᠡᠳ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠪᠠ ᠲᠦᠮᠡᠳ ᠵᠡᠭᠦᠨ ᠬᠤᠰᠢᠭᠤᠨ ᠤ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ ᠤᠨ ᠪᠠᠲᠤᠯᠠᠭ᠎ᠠ ᠶᠢᠨ ᠲᠥᠪ᠃ᠠᠯᠪᠠᠨ ᠭᠡᠷ᠄      ᠲᠣᠪᠴᠢᠶ᠎ᠠ ᠶᠢᠨ ᠪᠠᠶᠢᠭᠤᠯᠤᠯᠭ᠎ᠠ ᠶᠢᠨ ᠡᠳᠦᠷ ᠲᠤᠲᠤᠮ ᠤᠨ ᠬᠡᠷᠡᠭ ᠶᠠᠪᠤᠳᠠᠯ᠂ ᠵᠠᠰᠠᠭ ᠵᠠᠬᠢᠷᠭᠠᠨ ᠤ ᠠᠷᠤ ᠲᠠᠯ᠎ᠠ ᠶᠢᠨ ᠦᠢᠯᠡᠴᠢᠯᠡᠭᠡᠨ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠳᠠᠩᠰᠠᠯᠠᠯᠲᠠ ᠪᠠ ᠬᠠᠮᠢᠶᠠᠷᠤᠯᠲᠠ ᠶᠢ ᠬᠠᠷᠢᠭᠤᠴᠠᠬᠤ ᠶᠢᠨ ᠬᠠᠮᠲᠤ᠂ ᠳᠡᠭᠡᠭᠰᠢ ᠳᠠᠮᠵᠢᠭᠤᠯᠬᠤ ᠪᠠ ᠳᠣᠷᠣᠭᠰᠢ ᠪᠠᠭᠤᠯᠭᠠᠬᠤ᠂ ᠳᠣᠲᠣᠨ᠎ᠠ ᠭᠠᠳᠠᠨ᠎ᠠ ᠲᠠᠢ ᠬᠠᠷᠢᠯᠴᠠᠬᠤ᠂ ᠠᠵᠢᠯᠲᠠᠨ ᠤ ᠶᠠᠪᠤᠳᠠᠯ ᠤᠨ ᠠᠵᠢᠯ ᠳᠤ ᠭᠠᠷᠬᠤ ᠶᠢ ᠰᠢᠯᠭᠠᠬᠤ᠂ ᠶᠡᠷᠦᠩᠬᠡᠶᠢᠯᠡᠨ ᠵᠣᠬᠢᠴᠠᠭᠤᠯᠬᠤ᠂ ᠲᠠᠮᠠᠭ᠎ᠠ ᠶᠢ ᠬᠡᠷᠡᠭᠯᠡᠬᠦ ᠪᠠ ᠬᠠᠮᠢᠶᠠᠷᠬᠤ᠂ ᠪᠢᠴᠢᠭ ᠮᠠᠲ᠋ᠧᠷᠢᠶᠠᠯ ᠬᠤᠷᠢᠶᠠᠬᠤ᠂ ᠪᠢᠴᠢᠭ ᠮᠠᠲ᠋ᠧᠷᠢᠶᠠᠯ ᠶᠠᠪᠤᠭᠤᠯᠤᠭᠰᠠᠨ ᠲᠠᠩᠰᠠ ᠡᠪᠬᠡᠮᠡᠯ ᠢ ᠡᠮᠬᠢᠯᠡᠬᠦ ᠪᠠ ᠲᠠᠩᠰᠠ ᠡᠪᠬᠡᠮᠡᠯ ᠳᠤ ᠣᠷᠣᠭᠤᠯᠬᠤ᠂ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠵᠤ ᠬᠢᠨᠠᠨ ᠲᠣᠭᠲᠠᠭᠠᠬᠤ ᠵᠡᠷᠭᠡ ᠶᠢ ᠰᠠᠶᠢᠲᠤᠷ ᠬᠢᠬᠦ ᠶᠢᠨ ᠬᠠᠮᠲᠤ᠂ ᠳᠡᠭᠡᠳᠦ ᠱᠠᠲᠤᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠡᠯ᠎ᠡ ᠵᠦᠢᠯ ᠤᠨ ᠠᠵᠢᠯ ᠢ ᠢᠳᠡᠪᠬᠢᠲᠡᠢ ᠪᠡᠶᠡᠯᠡᠭᠦᠯᠬᠦ ᠬᠡᠷᠡᠭᠲᠡᠢ᠃ᠶᠡᠷᠦᠩᠬᠡᠶᠢᠯᠡᠭᠰᠡᠨ ᠠᠯᠪᠠᠨ ᠭᠡᠷ᠄     ᠨᠠᠮ ᠤᠨ ᠶᠠᠪᠤᠳᠠᠯ᠂ ᠬᠤᠷᠠᠯ ᠤᠨ ᠶᠠᠪᠤᠳᠠᠯ᠂ ︽ᠭᠤᠷᠪᠠᠨ ᠶᠠᠪᠤᠳᠠᠯ ᠢ ᠢᠯᠡ ᠪᠣᠯᠭᠠᠬᠤ︾ ᠨᠠᠮ ᠤᠨ ᠪᠠᠶᠢᠭᠤᠯᠤᠯᠲᠠ᠂ ᠤᠬᠠᠭᠤᠯᠭ᠎ᠠ᠂ ᠨᠢᠭᠤᠴᠠ ᠶᠢ ᠬᠠᠮᠠᠭᠠᠯᠠᠬᠤ᠂ ᠠᠶᠤᠯ ᠦᠭᠡᠢ ᠦᠢᠯᠡᠳᠪᠦᠷᠢᠯᠡᠯ ᠵᠢᠴᠢ ᠶᠡᠷᠦᠩᠬᠡᠶᠢᠯᠡᠭᠰᠡᠨ ᠡᠬᠡ ᠪᠢᠴᠢᠭ ᠢ ᠲᠤᠭᠤᠷᠪᠢᠨ ᠲᠣᠭᠲᠠᠭᠠᠵᠤ ᠨᠡᠶᠢᠲᠡᠯᠡᠬᠦ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠡᠷᠭᠡ ᠶᠢ ᠬᠠᠷᠢᠭᠤᠴᠠᠬᠤ ᠶᠢᠨ ᠬᠠᠮᠲᠤ ᠳᠡᠭᠡᠳᠦ ᠱᠠᠲᠤᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠡᠯ᠎ᠡ ᠵᠦᠢᠯ ᠤᠨ ᠠᠵᠢᠯ ᠢ ᠢᠳᠡᠪᠬᠢᠲᠡᠢ ᠪᠡᠶᠡᠯᠡᠭᠦᠯᠦᠨ᠎ᠡ᠃ᠲᠥᠪᠬᠢᠨᠡᠭᠦᠯᠬᠦ ᠠᠵᠢᠯ ᠤᠨ ᠠᠯᠪᠠᠨ ᠭᠡᠷ᠄     ︵1︶ ᠲᠤᠰ ᠬᠤᠪᠢ ᠣᠷᠣᠭᠤᠯᠤᠭᠰᠠᠨ ᠲᠠᠰᠤᠭ ᠤᠨ ᠲᠤᠬᠠᠶᠢᠯᠠᠭᠰᠠᠨ ᠠᠵᠢᠯ ᠤᠨ ᠱᠠᠲᠤᠨ ᠤ ᠳᠡᠭᠡᠭᠰᠢ ᠮᠡᠳᠡᠭᠦᠯᠬᠦ ᠪᠠ ᠬᠤᠷᠢᠶᠠᠩᠭᠤᠶᠢᠯᠠᠬᠤ ᠠᠵᠢᠯ ᠢ ᠬᠠᠷᠢᠭᠤᠴᠠᠨ᠎ᠠ᠃     ︵2︶ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ᠂ ᠰᠤᠷᠪᠤᠯᠵᠢᠯᠠᠬᠤ ᠪᠠᠷ ᠢᠷᠡᠭᠰᠡᠳ ᠲᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢᠨ ᠵᠥᠪᠯᠡᠯᠭᠡ ᠬᠠᠩᠭᠠᠬᠤ ᠶᠢ ᠬᠠᠷᠢᠭᠤᠴᠠᠵᠤ᠂ ᠵᠠᠬᠢᠳᠠᠯ ᠰᠣᠷᠪᠤᠯᠵᠢᠯᠠᠭ᠎ᠠ ᠬᠢᠭᠰᠡᠳ ᠤᠨ ᠦᠵᠡᠯ ᠰᠠᠨᠠᠭᠠᠨ ᠤ ᠲᠠᠯ᠎ᠠ ᠪᠠᠷ ᠬᠥᠲᠥᠯᠥᠨ ᠵᠢᠯᠤᠭᠤᠳᠬᠤ᠂ ᠵᠥᠷᠢᠴᠡᠯ ᠢ ᠠᠷᠢᠯᠭᠠᠬᠤ ᠠᠵᠢᠯ ᠢ ᠰᠠᠶᠢᠲᠤᠷ ᠬᠢᠨ᠎ᠡ᠃     ︵3︶ ᠤᠯᠤᠰ ᠤᠨ ᠲᠥᠪᠬᠢᠨᠡᠭᠦᠯᠬᠦ ᠲᠦᠷᠦ ᠶᠢᠨ ᠪᠣᠳᠣᠯᠭ᠎ᠠ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠳ ᠢ ᠣᠨ ᠤ ᠲᠥᠪᠬᠢᠨᠡᠭᠦᠯᠦᠯᠲᠡ ᠪᠠᠷ ᠲᠣᠬᠢᠷᠠᠭᠤᠯᠤᠨ᠎ᠠ᠃     ︵4︶ ᠤᠯᠤᠰ ᠤᠨ ᠲᠥᠪᠬᠢᠨᠡᠭᠦᠯᠬᠦ ᠲᠦᠷᠦ ᠶᠢᠨ ᠪᠣᠳᠣᠯᠭ᠎ᠠ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠳ ᠲᠤ ᠲᠥᠪᠬᠢᠨᠡᠭᠦᠯᠬᠦ ᠪᠠᠷ ᠪᠠᠶᠢᠭ᠎ᠠ ᠬᠤᠭᠤᠴᠠᠭᠠᠨ ᠳᠠᠬᠢ ᠠᠮᠢᠳᠤᠷᠠᠯ ᠤᠨ ᠵᠠᠷᠤᠳᠠᠯ ᠢ ᠣᠯᠭᠤᠨ᠎ᠠ᠃     ︵5︶ ᠠᠯᠪᠠᠨ ᠵᠢᠷᠤᠮ ᠤᠨ ᠴᠡᠷᠢᠭ ᠲᠤ ᠴᠡᠷᠢᠭ ᠤᠨ ᠠᠯᠪᠠᠨ ᠠᠴᠠ ᠪᠠᠭᠤᠬᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠮᠥᠩᠭᠦ ᠣᠯᠭᠤᠨ᠎ᠠ᠃     ︵6︶ ᠤᠯᠤᠰ ᠤᠨ ᠲᠥᠪᠬᠢᠨᠡᠭᠦᠯᠬᠦ ᠲᠦᠷᠦ ᠶᠢᠨ ᠪᠣᠳᠣᠯᠭ᠎ᠠ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠳ ᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢᠨ ᠰᠢᠯᠵᠢᠭᠦᠯᠦᠨ ᠵᠠᠯᠭᠠᠬᠤ ᠭᠠᠷ ᠭᠦᠢᠴᠡᠳᠬᠡᠯ ᠬᠢᠨ᠎ᠡ᠃     ︵7︶ ᠡᠷᠦᠬᠡ ᠠᠮᠠ ᠣᠷᠣᠭᠤᠯᠬᠤ ᠴᠢᠬᠤᠯᠠᠲᠠᠢ ᠴᠡᠷᠢᠭ ᠠᠴᠠ ᠬᠠᠯᠠᠭᠳᠠᠭᠰᠠᠳ ᠲᠤ ᠡᠷᠦᠬᠡ ᠠᠮᠠ ᠣᠷᠣᠭᠤᠯᠤᠭᠰᠠᠨ ᠭᠡᠷᠡᠴᠢ ᠬᠢᠵᠦ ᠥᠭᠭᠦᠨ᠎ᠡ᠃     ︵8︶ ᠪᠥᠬᠦ ᠬᠤᠰᠢᠭᠤᠨ ᠤ ᠡᠯ᠎ᠡ ᠲᠥᠷᠥᠯ ᠤᠨ ᠴᠡᠷᠢᠭ ᠠᠴᠠ ᠬᠠᠯᠠᠭᠳᠠᠭᠰᠠᠳ ᠤᠨ ᠲᠤᠭ᠎ᠠ ᠪᠠᠷᠢᠮᠲᠠ ᠳᠤ ᠮᠡᠳᠡᠭᠡ ᠵᠠᠩᠭᠢ ᠴᠤᠭᠯᠠᠭᠤᠯᠬᠤ ᠪᠠ ᠬᠠᠮᠢᠶᠠᠷᠤᠯᠲᠠ ᠬᠢᠨ᠎ᠡ᠃     ︵9︶ ᠵᠢᠯ ᠪᠦᠷᠢ ᠬᠦᠯᠢᠶᠡᠨ ᠠᠪᠴᠤ ᠪᠠᠶᠢᠭ᠎ᠠ ᠴᠡᠷᠢᠭ ᠤᠨ ᠠᠯᠪᠠᠨ ᠠᠴᠠ ᠪᠠᠭᠤᠭᠰᠠᠨ ᠠᠯᠪᠠᠨ ᠵᠢᠷᠤᠮ ᠤᠨ ᠴᠡᠷᠢᠭ ᠤᠨ ᠳᠠᠩᠰᠠ ᠡᠪᠬᠡᠮᠡᠯ ᠢ ᠡᠮᠬᠢᠯᠡᠵᠦ ᠳᠡᠪᠲᠡᠷᠯᠡᠬᠦ ᠪᠠ ᠬᠠᠳᠠᠭᠠᠯᠠᠨ ᠬᠠᠮᠢᠶᠠᠷᠤᠨ᠎ᠠ᠃     ᠡᠭᠦᠨ ᠤ ᠬᠠᠮᠲᠤ ᠳᠡᠭᠡᠳᠦ ᠱᠠᠲᠤᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠡᠯ᠎ᠡ ᠵᠦᠢᠯ ᠤᠨ ᠠᠵᠢᠯ ᠢ ᠢᠳᠡᠪᠬᠢᠲᠡᠢ ᠪᠡᠶᠡᠯᠡᠭᠦᠯᠬᠦ ᠬᠡᠷᠡᠭᠲᠡᠢ᠃ᠬᠤᠶᠠᠷ ᠢ ᠬᠦᠷᠢᠶᠡᠯᠡᠬᠦ ᠠᠯᠪᠠᠨ ᠭᠡᠷ᠄     ︵1︶ ᠴᠡᠷᠢᠭ ᠠᠩᠭᠢ ᠪᠠ ᠣᠷᠣᠨ ᠨᠤᠲᠤᠭ ᠬᠤᠶᠠᠷ ᠲᠠᠯ᠎ᠠ ᠶᠢᠨ ᠰᠣᠯᠢᠯᠴᠠᠨ ᠰᠤᠳᠤᠯᠬᠤ ᠪᠠ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠵᠣᠬᠢᠴᠠᠭᠤᠯᠤᠨ ᠴᠢᠩᠭᠠᠳᠬᠠᠵᠤ᠂ ᠴᠡᠷᠢᠭ ᠠᠩᠭᠢ ᠪᠠ ᠣᠷᠣᠨ ᠨᠤᠲᠤᠭ ᠬᠤᠶᠠᠷ ᠲᠠᠯ᠎ᠠ ᠶᠢᠨ ᠠᠵᠢᠯ ᠦᠢᠯᠡᠰ ᠤᠨ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ᠃     ︵2︶ ︽ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ︾ ᠲᠦᠷᠦ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠴᠢᠩᠭᠠᠳᠬᠠᠨ᠂ ᠴᠡᠷᠢᠭ ᠴᠠᠭᠳᠠᠭ᠎ᠠ ᠠᠷᠠᠳ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠦᠨ᠎ᠡ᠃      ︵3︶ ᠲᠣᠭᠲᠠᠮᠠᠯ ᠬᠤᠭᠤᠴᠠᠭ᠎ᠠ ᠲᠠᠢ ᠪᠠᠷ ᠴᠡᠷᠢᠭ ᠠᠩᠭᠢ ᠶᠢ ᠲᠣᠬᠤᠨᠢᠭᠤᠯᠵᠤ᠂ ᠴᠡᠷᠢᠭ ᠠᠩᠭᠢ ᠳᠤ ᠰᠢᠷᠢᠰᠵᠢᠭᠦᠯᠦᠭᠰᠡᠨ ᠦᠢᠯᠡᠴᠢᠯᠡᠭᠡ ᠬᠠᠩᠭᠠᠵᠤ᠂ ᠴᠡᠷᠢᠭ ᠠᠩᠭᠢ ᠪᠠ ᠣᠷᠣᠨ ᠨᠤᠲᠤᠭ ᠤᠨ ᠬᠢᠨ ᠪᠦᠯᠬᠦᠮᠳᠡᠵᠦ ᠬᠠᠷᠢᠯᠴᠠᠨ ᠬᠠᠪᠰᠤᠷᠤᠯᠴᠠᠬᠤ ᠲᠣᠭᠲᠠᠴᠠ ᠶᠢ ᠪᠠᠶᠢᠭᠤᠯᠵᠤ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠵᠣᠬᠢᠴᠠᠭᠤᠯᠵᠤ ᠪᠠᠶᠢᠭᠠᠳ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃     ︵4︶ ᠴᠡᠷᠢᠭ ᠠᠩᠭᠢ ᠶᠢ ᠳᠠᠭᠠᠭᠰᠠᠨ ᠭᠡᠷ ᠪᠦᠯᠢ ᠶᠢᠨ ᠬᠢᠨ ᠤ ᠠᠵᠢᠯ ᠣᠯᠣᠭᠠᠳᠤᠢ ᠨᠥᠬᠦᠪᠦᠷᠢ ᠪᠠ ᠴᠡᠷᠢᠭ ᠠᠩᠭᠢ ᠶᠢ ᠳᠠᠭᠠᠭᠰᠠᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠵᠤ ᠴᠡᠴᠡᠷᠯᠢᠭ ᠲᠤ ᠣᠷᠣᠬᠤ ᠠᠵᠢᠯ ᠢ ᠴᠠᠭ ᠲᠤᠬᠠᠢ ᠳᠤᠨᠢ ᠣᠯᠭᠤᠵᠤ᠂ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠴᠡᠷᠢᠭ ᠤᠨ ᠬᠥᠮᠥᠰ ᠤᠨ ᠬᠤᠶᠢᠰᠢᠳᠠ ᠶᠢᠨ ᠵᠣᠪᠠᠨᠢᠯ ᠢ ᠬᠠᠪᠰᠤᠷᠤᠨ ᠰᠢᠢᠳᠪᠦᠷᠢᠯᠡᠵᠦ᠂ ᠴᠡᠷᠢᠭ ᠠᠩᠭᠢ ᠶᠢᠨ ᠠᠷᠤ ᠲᠠᠯ᠎ᠠ ᠶᠢᠨ ᠪᠠᠲᠤᠯᠠᠭ᠎ᠠ ᠶᠢᠨ ᠨᠡᠶᠢᠭᠡᠮᠴᠢᠯᠡᠯᠲᠡ ᠳᠤ ᠦᠢᠯᠡᠴᠢᠯᠡᠭᠡ ᠬᠠᠩᠭᠠᠨ᠎ᠠ᠃     ︵5︶ ᠵᠢᠯ ᠪᠦᠷᠢ ᠶᠢᠨ ︽ᠨᠠᠢᠮᠠᠨ ᠰᠠᠷ᠎ᠠ ᠶᠢᠨ ᠨᠢᠭᠡᠨ︾᠂ ᠴᠠᠭᠠᠨ ᠰᠠᠷ᠎ᠠ ᠶᠢᠨ ᠬᠤᠭᠤᠴᠠᠭᠠᠨ ᠳᠤ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠪᠠ ᠴᠡᠷᠢᠭ ᠤᠨ ᠭᠡᠷ ᠪᠦᠯᠢ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠵᠡᠮᠳᠡᠭ ᠴᠡᠷᠢᠭ ᠪᠠ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠬᠤ ᠠᠵᠢᠯ ᠢ ᠵᠣᠬᠢᠶᠠᠨ ᠪᠠᠶᠢᠭᠤᠯᠵᠤ᠂ ᠵᠢᠯ ᠪᠦᠷᠢ ᠠᠰᠠᠷᠠᠨ ᠬᠠᠷᠠᠭᠠᠯᠵᠠᠬᠤ ᠡᠲᠡᠭᠡᠳ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠦᠵᠡᠯ ᠰᠠᠨᠠᠭᠠᠨ ᠤ ᠰᠣᠯᠢᠯᠴᠠᠭ᠎ᠠ ᠪᠠᠨ ᠴᠢᠩᠭᠠᠳᠬᠠᠨ᠎ᠠ᠃     ︵6︶ ᠲᠤᠰ ᠬᠠᠷᠢᠶ᠎ᠠ ᠣᠷᠣᠨ ᠤ ᠪᠠᠨ ᠴᠡᠷᠢᠭ ᠠᠩᠭᠢ ᠳᠤ ᠭᠠᠪᠢᠶ᠎ᠠ ᠪᠠᠶᠢᠭᠤᠯᠵᠤ ᠱᠠᠩᠨᠠᠯ ᠣᠯᠭᠤᠭᠰᠠᠨ ᠠᠯᠪᠠᠨ ᠵᠢᠷᠤᠮ ᠤᠨ ᠴᠡᠷᠢᠭ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠡᠷ ᠲᠤᠨᠢ ᠬᠦᠷᠴᠦ ᠪᠠᠶᠠᠷ ᠤᠨ ᠮᠡᠳᠡᠭᠡ ᠬᠦᠷᠭᠡᠨ᠎ᠡ᠃     ︵7︶ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠠᠵᠢᠯ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠡ᠃ᠡᠭᠦᠨ ᠤ ᠬᠠᠮᠲᠤ ᠳᠡᠭᠡᠳᠦ ᠱᠠᠲᠤᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠡᠯ᠎ᠡ ᠵᠦᠢᠯ ᠤᠨ ᠠᠵᠢᠯ ᠢ ᠢᠳᠡᠪᠬᠢᠲᠡᠢ ᠪᠡᠶᠡᠯᠡᠭᠦᠯᠬᠦ ᠬᠡᠷᠡᠭᠲᠡᠢ᠃ᠠᠰᠠᠷᠠᠨ ᠬᠠᠷᠠᠭᠠᠯᠵᠠᠬᠤ ᠠᠵᠢᠯ ᠤᠨ ᠠᠯᠪᠠᠨ ᠭᠡᠷ᠄     ︵1︶ ᠦᠷᠡᠭᠳᠡᠭᠰᠡᠨ ᠪᠠᠭᠠᠲᠤᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ᠶᠢᠨ ᠬᠢᠨ ᠢ ᠲᠣᠭᠲᠠᠮᠠᠯ ᠬᠤᠭᠤᠴᠠᠭ᠎ᠠ ᠲᠠᠢ ᠪᠠᠷ ᠠᠰᠠᠷᠠᠮᠵᠢ ᠶᠢᠨ ᠠᠵᠢᠯ ᠢ ᠬᠠᠷᠢᠭᠤᠴᠠᠨ᠎ᠠ᠃     ︵2︶ ᠳᠠᠶᠢᠨ ᠠᠴᠠ ᠪᠣᠯᠤᠭᠰᠠᠨ᠂ ᠠᠯᠪᠠᠨ ᠶᠠᠪᠤᠳᠠᠯ ᠠᠴᠠ ᠪᠣᠯᠤᠭᠰᠠᠨ ᠵᠡᠮᠳᠡᠭ ᠴᠡᠷᠢᠭ ᠪᠠ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠤ ᠵᠡᠮᠳᠡᠭ ᠤᠨ ᠳᠡᠰ ᠢ ᠬᠢᠨᠠᠨ ᠪᠠᠶᠢᠴᠠᠭᠠᠬᠤ᠂ ᠮᠡᠳᠡᠭᠦᠯᠬᠦ ᠠᠵᠢᠯ ᠢ ᠬᠠᠷᠢᠭᠤᠴᠠᠨ᠎ᠠ᠃     ︵3︶ ᠲᠣᠭᠲᠠᠮᠠᠯ ᠬᠤᠭᠤᠴᠠᠭ᠎ᠠ ᠲᠠᠢ ᠲᠣᠭᠲᠠᠭᠰᠠᠨ ᠬᠡᠮᠵᠢᠶ᠎ᠡ ᠲᠠᠢ ᠨᠥᠬᠦᠪᠦᠷᠢ ᠬᠠᠷᠠᠭᠠᠯᠵᠠᠯ ᠭᠥᠷᠳᠡᠬᠦ ᠡᠲᠡᠭᠡᠳ᠂ ︽ᠭᠤᠷᠪᠠᠨ ᠭᠡᠷ ᠪᠦᠯᠢ︾᠂ 60 ᠪᠦᠬᠦᠯᠢ ᠨᠠᠰᠤᠨ  ᠠᠴᠠ ᠳᠡᠭᠡᠭᠰᠢᠬᠢ ᠬᠥᠳᠡᠭᠡ ᠲᠣᠰᠬᠤᠨ ᠤ ᠬᠠᠷᠢᠶ᠎ᠠ ᠲᠠᠢ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ᠂ ᠡᠪᠡᠳᠴᠢᠨ ᠲᠠᠢ ᠪᠠᠶᠢᠭᠠᠳ ᠨᠤᠲᠤᠭ ᠲᠠᠭᠠᠨ ᠪᠤᠴᠠᠭᠰᠠᠨ ᠴᠡᠷᠢᠭ ᠠᠴᠠ ᠪᠠᠭᠤᠭᠰᠠᠳ᠂ ᠲᠡᠶᠢᠨ ᠳᠤ ᠣᠷᠣᠯᠴᠠᠭᠰᠠᠨ ︵ᠬᠢᠨᠠᠨ ᠬᠠᠷᠭᠤᠭᠤᠯᠬᠤ ᠳᠤ ᠣᠷᠣᠯᠴᠠᠭᠰᠠᠨ︶ ᠴᠡᠷᠢᠭ ᠠᠴᠠ ᠪᠠᠭᠤᠭᠰᠠᠳ᠂ ᠨᠤᠲᠤᠭ ᠲᠤ ᠪᠠᠶᠢᠭ᠎ᠠ ᠠᠬᠠᠮᠠᠳ ᠴᠡᠷᠢᠭ ᠠᠴᠠ ᠬᠠᠯᠠᠭᠳᠠᠭᠰᠠᠳ ᠤᠨ ᠠᠩᠬᠠᠨ ᠤ ᠬᠢᠨᠠᠯᠲᠠ ᠶᠢᠨ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ᠃     ︵4︶ ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ ᠤᠨ ︽ᠣᠷᠣᠨ ᠰᠠᠭᠤᠴᠠ︾᠂ ︽ᠡᠮ ᠡᠮᠨᠡᠯᠭᠡ︾᠂ ︽ᠠᠮᠢᠳᠤᠷᠠᠯ︾ ᠵᠡᠷᠭᠡ ᠭᠤᠷᠪᠠᠨ ᠬᠦᠴᠢᠷᠲᠡᠢ ᠠᠵᠢᠯ ᠢ ᠬᠠᠷᠢᠭᠤᠴᠠᠨ᠎ᠠ᠃     ︵5︶ ᠠᠰᠠᠷᠠᠨ ᠬᠠᠷᠠᠭᠠᠯᠵᠠᠬᠤ ᠵᠠᠷᠤᠳᠠᠯ ᠢ ᠬᠠᠮᠢᠶᠠᠷᠬᠤ᠂ ᠬᠡᠷᠡᠭᠯᠡᠬᠦ᠂ ᠪᠠᠶᠢᠴᠠᠭᠠᠬᠤ ᠠᠵᠢᠯ ᠢ ᠬᠠᠷᠢᠭᠤᠴᠠᠨ᠎ᠠ᠃     ︵6︶ ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ ᠠᠵᠢᠯ ᠢ ᠬᠠᠷᠢᠭᠤᠴᠠᠨ᠎ᠠ᠃     ︵7︶ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ ᠬᠤᠭᠤᠴᠠᠭᠠᠨ ᠳᠤ ᠵᠢᠯ ᠪᠦᠷᠢ ᠨᠢᠭᠡ ᠤᠳᠠᠭ᠎ᠠ ᠠᠯᠪᠠᠨ ᠵᠢᠷᠤᠮ ᠤᠨ ᠴᠡᠷᠢᠭ ᠤᠨ ᠭᠡᠷ ᠪᠦᠯᠢ ᠶᠢᠨ ᠬᠠᠷᠠᠭᠠᠯᠵᠠᠯ ᠤᠨ ᠮᠥᠩᠭᠦ ᠶᠢ ᠬᠢᠨᠠᠨ ᠬᠠᠷᠭᠤᠭᠤᠯᠵᠤ ᠣᠯᠭᠤᠬᠤ ᠠᠵᠢᠯ ᠢ ᠬᠠᠷᠢᠭᠤᠴᠠᠨ᠎ᠠ ᠃     ︵8︶ ᠭᠤᠣᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠤᠨ ᠪᠠᠶᠠᠷ ᠤᠨ ᠡᠳᠦᠷ ᠤᠨ ᠲᠣᠬᠤᠨᠢᠭᠤᠯᠬᠤ ᠠᠵᠢᠯ ᠢ ᠬᠠᠷᠢᠭᠤᠴᠠᠨ᠎ᠠ᠃     ᠡᠭᠦᠨ ᠤ ᠬᠠᠮᠲᠤ ᠳᠡᠭᠡᠳᠦ ᠱᠠᠲᠤᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠡᠯ᠎ᠡ ᠵᠦᠢᠯ ᠤᠨ ᠠᠵᠢᠯ ᠢ ᠢᠳᠡᠪᠬᠢᠲᠡᠢ ᠪᠡᠶᠡᠯᠡᠭᠦᠯᠬᠦ ᠬᠡᠷᠡᠭᠲᠡᠢ᠃ᠡᠳ᠋ ᠤᠨ ᠶᠠᠪᠤᠳᠠᠯ ᠤᠨ ᠲᠠᠰᠤᠭ᠄      ᠨᠢᠭᠡᠴᠢ ᠶᠢᠨ ᠲᠥᠰᠥᠪ ᠤᠨ ᠨᠢᠭᠲᠠᠯᠠᠨ ᠪᠤᠳᠤᠬᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠴᠠᠭ ᠲᠤᠬᠠᠢ ᠳᠤᠨᠢ ᠣᠨᠣᠪᠴᠢᠲᠠᠶ ᠮᠡᠳᠡᠭᠦᠯᠦᠨ ᠬᠦᠷᠭᠡᠵᠦ᠂ ᠡᠳ᠋ ᠤᠨ ᠶᠠᠪᠤᠳᠠᠯ ᠤᠨ ᠲᠥᠰᠥᠪ ᠪᠠ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ᠂ ᠬᠢᠨᠠᠨ ᠬᠠᠷᠭᠤᠭᠤᠯᠬᠤ᠂ ᠪᠦᠬᠦ ᠲᠠᠯ᠎ᠠ ᠶᠢᠨ ᠵᠠᠷᠤᠳᠠᠯ ᠤᠨ ᠶᠡᠷᠦᠩᠬᠡᠢ ᠲᠥᠰᠥᠪ ᠪᠠ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠨ᠎ᠠ᠃     ᠳᠠᠩᠰᠠᠯᠠᠬᠤ ᠭᠡᠷᠡᠴᠢ ᠪᠠᠷᠢᠮᠲᠠ ᠶᠢ ᠨᠠᠶᠢᠷᠠᠭᠤᠯᠤᠨ ᠵᠣᠬᠢᠶᠠᠬᠤ᠂ ᠳᠠᠩᠰᠠ ᠬᠠᠷ᠎ᠠ ᠶᠢ ᠳᠠᠩᠰᠠᠯᠠᠬᠤ ᠵᠢᠴᠢ ᠡᠳ᠋ ᠤᠨ ᠶᠠᠪᠤᠳᠠᠯ ᠤᠨ ᠲᠤᠰᠬᠠᠢ ᠬᠡᠷᠡᠭᠯᠡᠬᠦ ᠫᠢᠶᠣᠣ ᠪᠠᠷᠢᠮᠲᠠ ᠶᠢ ᠬᠠᠳᠠᠭᠠᠯᠠᠨ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠢ᠃      ᠵᠠᠷᠤᠳᠠᠯ ᠤᠨ ᠵᠣᠭᠤᠰ ᠬᠡᠷᠡᠭᠯᠡᠬᠦ ᠲᠥᠯᠥᠪᠯᠡᠭᠡ ᠶᠢ ᠰᠠᠷ᠎ᠠ ᠪᠠᠷ ᠨᠠᠶᠢᠷᠠᠭᠤᠯᠤᠨ ᠵᠣᠬᠢᠶᠠᠵᠤ᠂ ᠵᠠᠷᠤᠳᠠᠯ ᠤᠨ ᠲᠥᠰᠥᠪ ᠢ ᠭᠦᠢᠴᠡᠳᠬᠡᠭᠰᠡᠨ ᠪᠠᠶᠢᠳᠠᠯ ᠢ ᠲᠤᠰᠬᠠᠬᠤ ᠬᠡᠷᠡᠭᠲᠡᠢ᠃      ᠡᠳᠦᠷ ᠲᠤᠲᠤᠮ ᠤᠨ ᠵᠣᠭᠤᠰ ᠢ ᠰᠢᠯᠵᠢᠭᠦᠯᠦᠨ ᠥᠭᠬᠦ ᠪᠠ ᠢᠬᠢᠷ ᠰᠢᠬᠢᠷ ᠵᠠᠷᠤᠳᠠᠯ ᠤᠨ ᠲᠠᠩᠰᠠ ᠲᠠᠶᠢᠯᠬᠤ ᠠᠵᠢᠯ ᠢ ᠬᠠᠷᠢᠭᠤᠴᠠᠵᠤ᠂ ᠡᠯ᠎ᠡ ᠵᠦᠢᠯ ᠤᠨ ᠪᠡᠯᠡ ᠮᠥᠩᠭᠦ ᠶᠢᠨ ᠠᠮᠤᠷ ᠲᠦᠪᠰᠢᠨ ᠢᠶᠠᠷ ᠬᠡᠷᠡᠭᠯᠡᠭᠳᠡᠬᠦ ᠶᠢ ᠪᠠᠲᠤᠯᠠᠨ᠎ᠠ᠃      ᠡᠳ᠋ ᠤᠨ ᠶᠠᠪᠤᠳᠠᠯ ᠤᠨ ᠲᠠᠩᠰᠠ ᠡᠪᠬᠡᠮᠡᠯ ᠢ ᠲᠠᠩᠰᠠ ᠡᠪᠬᠡᠮᠡᠯ ᠳᠤ ᠣᠷᠣᠭᠤᠯᠬᠤ᠂ ᠡᠮᠬᠢᠯᠡᠬᠦ᠂ ᠬᠠᠳᠠᠭᠠᠯᠠᠬᠤ ᠠᠵᠢᠯ ᠢ ᠰᠠᠶᠢᠲᠤᠷ ᠬᠢᠨ᠎ᠡ᠃      ᠡᠭᠦᠨ ᠤ ᠬᠠᠮᠲᠤ ᠳᠡᠭᠡᠳᠦ ᠱᠠᠲᠤᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠡᠯ᠎ᠡ ᠵᠦᠢᠯ ᠤᠨ ᠠᠵᠢᠯ ᠢ ᠢᠳᠡᠪᠬᠢᠲᠡᠢ ᠪᠡᠶᠡᠯᠡᠭᠦᠯᠬᠦ ᠬᠡᠷᠡᠭᠲᠡᠢ᠃ᠡᠭᠦᠷᠭᠡ ᠬᠠᠷᠢᠭᠤᠴᠠᠯᠭ᠎ᠠ᠄     ︵1︶ ᠠᠵᠢᠯ ᠣᠯᠭᠤᠵᠤ ᠠᠳᠠᠯ ᠦᠢᠯᠡᠰ ᠴᠣᠭᠴᠠᠯᠠᠬᠤ᠂ ᠠᠰᠠᠷᠠᠨ ᠬᠠᠷᠠᠭᠠᠯᠵᠠᠵᠤ ᠬᠠᠪᠰᠤᠷᠤᠨ ᠲᠡᠳᠬᠦᠬᠦ᠂ ᠡᠷᠬᠡ ᠠᠰᠢᠭ ᠢ ᠪᠠᠲᠤᠯᠠᠬᠤ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠤᠭᠯᠠᠭᠤᠯᠬᠤ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠵᠣᠬᠢᠴᠠᠬᠤ ᠴᠢᠨᠠᠷᠲᠠᠢ ᠪᠣᠯᠪᠠᠰᠤᠷᠠᠭᠤᠯᠤᠯ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵2︶ ᠲᠣᠰ ᠱᠠᠲᠤᠨ ᠤ ᠬᠠᠷᠢᠶ᠎ᠠ ᠣᠷᠣᠨ ᠳᠠᠬᠢ ᠨᠢᠭᠡᠴᠡ ᠶᠢᠨ ᠴᠡᠷᠢᠭ ᠠᠴᠠ ᠬᠠᠯᠠᠭᠳᠠᠭᠰᠠᠳ ᠤᠨ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ᠂ ᠵᠠᠰᠠᠭ ᠵᠠᠬᠢᠷᠭᠠᠨ ᠤ ᠬᠠᠷᠢᠴᠠᠭ᠎ᠠ᠂ ᠬᠠᠩᠭᠠᠯᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠵᠠᠯᠭᠠᠬᠤ ᠪᠠ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ᠂ ᠴᠡᠷᠢᠭ ᠠᠴᠠ ᠬᠠᠯᠠᠭᠳᠠᠭᠰᠠᠳ ᠤᠨ ᠨᠠᠮ ᠤᠨ ᠭᠡᠰᠢᠭᠦᠨ ᠢ ᠣᠶᠢᠯᠠᠭᠠᠨ ᠵᠢᠭᠰᠠᠭᠠᠵᠤ ᠳᠠᠩᠰᠠᠯᠠᠬᠤ ᠵᠡᠷᠭᠡ ᠠᠵᠢᠯ ᠢ ᠬᠠᠮᠵᠢᠨ ᠰᠠᠶᠢᠲᠤᠷ ᠬᠢᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠠᠮᠵᠢᠨ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ᠃     ︵3︶ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠰᠣᠷᠪᠤᠯᠵᠢᠯᠠᠭ᠎ᠠ ᠶᠢ ᠬᠦᠯᠢᠶᠡᠨ ᠠᠪᠬᠤ᠂ ᠵᠠᠬᠢᠳᠠᠯ ᠢᠷᠡᠭᠦᠯᠵᠦ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠵᠠᠬᠢᠳᠠᠯ ᠰᠣᠷᠪᠤᠯᠵᠢᠯᠠᠭ᠎ᠠ ᠬᠢᠬᠦ ᠪᠠ ᠤᠲᠠᠰᠤ ᠪᠠᠷ ᠵᠠᠬᠢᠳᠠᠯ ᠰᠣᠷᠪᠤᠯᠵᠢᠯᠠᠭ᠎ᠠ ᠬᠢᠬᠦ᠂ ᠳᠡᠭᠡᠳᠦ ᠱᠠᠲᠤᠨ ᠤ ᠤᠳᠤᠷᠢᠳᠤᠯᠭ᠎ᠠ᠂ ᠰᠠᠯᠠᠭ᠎ᠠ ᠮᠥᠴᠢᠷ ᠤᠨ ᠲᠤᠰᠢᠶᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠬᠠᠪᠰᠤᠷᠤᠨ ᠰᠠᠶᠢᠲᠤᠷ ᠬᠢᠵᠦ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠥᠷᠢᠴᠡᠯ ᠠᠰᠠᠭᠤᠳᠠᠯ ᠢ ᠬᠠᠤᠯᠢ ᠶᠣᠰᠣᠭᠠᠷ ᠴᠠᠭ ᠲᠤᠬᠠᠢ ᠳᠤᠨᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠨ᠎ᠡ᠃     ︵4︶ ᠲᠦᠷᠦ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠨᠡᠪᠲᠡᠷᠡᠯᠴᠡᠨ ᠬᠠᠷᠢᠯᠴᠠᠬᠤ᠂ ᠰᠤᠷᠤᠯᠴᠠᠨ ᠰᠣᠯᠢᠯᠴᠠᠬᠤ ᠵᠡᠷᠭᠡ ᠠᠵᠢᠯᠯᠠᠭ᠎ᠠ ᠶᠢᠨ ᠲᠠᠯᠠᠪᠤᠷ ᠪᠠᠶᠢᠭᠤᠯᠵᠤ᠂ ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ᠂ ᠵᠥᠷᠢᠴᠡᠯ ᠢ ᠠᠷᠢᠯᠭᠠᠬᠤ ᠪᠠ ᠦᠵᠡᠯ ᠰᠠᠨᠠᠭ᠎ᠠ ᠶᠢ ᠲᠣᠭᠲᠠᠭᠤᠨ ᠪᠠᠶᠢᠯᠭᠠᠬᠤ ᠠᠵᠢᠯ ᠢ ᠬᠠᠨᠳᠤᠯᠭᠠᠲᠤ ᠴᠢᠨᠠᠷᠲᠠᠢ᠂ ᠪᠠᠶᠢᠩᠭᠤᠵᠢᠭᠤᠯᠤᠨ ᠥᠷᠨᠢᠭᠦᠯᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠴᠡᠷᠢᠭ ᠠᠴᠠ ᠬᠠᠯᠠᠭᠳᠠᠭᠰᠠᠳ ᠨᠢᠭᠡᠪᠦᠷᠢ ᠳᠤ ᠳᠠᠮᠵᠢᠭᠤᠯᠤᠨ᠎ᠠ᠃     ︵ 5︶ ᠪᠥᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠬᠥᠳᠡᠯᠦᠩᠭᠦᠢ ᠪᠠᠷ ᠡᠵᠡᠮᠰᠢᠵᠦ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ᠂ ᠠᠵᠢᠯ ᠥᠷᠨᠢᠭᠦᠯᠦᠭᠰᠡᠨ ᠵᠢᠴᠢ ᠬᠠᠷᠢᠶ᠎ᠠ ᠣᠷᠣᠨ ᠳᠠᠬᠢ ᠴᠡᠷᠢᠭ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠦᠵᠡᠯ ᠰᠠᠨᠠᠭᠠᠨ ᠤ ᠪᠠᠶᠢᠳᠠᠯ᠂ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃     ︵6︶ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠴᠢ᠂ ᠤᠬᠠᠭᠤᠯᠤᠭᠴᠢ᠂ ᠮᠡᠳᠡᠭᠡ ᠵᠠᠩᠭᠢᠴᠢ᠂ ᠬᠤᠯᠪᠣᠭᠠᠴᠢᠨ ᠪᠣᠯᠵᠤ᠂ ᠣᠶᠢᠷ᠎ᠠ ᠬᠠᠪᠢ ᠳᠠᠭᠠᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠨᠢᠭᠤᠷᠳᠠᠨ ᠬᠠᠨᠳᠤᠬᠤ᠂ ᠥᠪᠡᠷᠮᠢᠴᠡᠴᠢᠯᠡᠬᠦ᠂ ᠨᠢᠭᠡ ᠳᠤ ᠨᠢᠭᠡ ᠳᠤ ᠦᠢᠯᠡᠴᠢᠯᠡᠬᠦ ᠶᠢ ᠲᠤᠪᠤᠶᠢᠯᠭᠠᠵᠦ᠂ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠰᠠᠭᠤᠳᠠᠯ ᠢ ᠰᠢᠢᠳᠪᠦᠷᠢᠯᠡᠵᠦ᠂ ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ ᠬᠦᠷᠭᠡᠵᠦ᠂ ᠢᠷᠠᠭᠤ ᠠᠯᠳᠠᠷ ᠤᠨ ᠫᠠᠶᠢᠰᠠ ᠡᠯᠭᠦᠬᠦ ᠬᠡᠷᠡᠭᠲᠡᠢ᠃     ︵7︶ ︽ᠨᠠᠢᠮᠠᠨ ᠰᠠᠷ᠎ᠠ ᠶᠢᠨ ᠨᠢᠭᠡᠨ︾᠂ ᠴᠠᠭᠠᠨ ᠰᠠᠷ᠎ᠠ ᠵᠡᠷᠭᠡ ᠪᠠᠶᠠᠷ ᠤᠨ ᠡᠳᠦᠷ ᠵᠢᠴᠢ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠶᠡᠭᠡ ᠬᠤᠪᠢᠷᠠᠯᠲᠠ ᠭᠠᠷᠤᠭᠰᠠᠨ ᠵᠡᠷᠭᠡ ᠪᠠᠶᠢᠳᠠᠯ ᠲᠠᠢ ᠤᠶᠠᠯᠳᠤᠭᠤᠯᠤᠨ᠂ ᠴᠠᠭ ᠲᠤᠬᠠᠢ ᠳᠤᠨᠢ ᠰᠤᠷᠪᠤᠯᠵᠢᠯᠠᠨ ᠲᠣᠬᠤᠨᠢᠭᠤᠯᠬᠤ ᠠᠵᠢᠯ ᠢ ᠥᠷᠨᠢᠭᠦᠯᠦᠨ᠎ᠡ᠃     ︵8︶ ᠲᠣᠰ ᠬᠤᠰᠢᠭᠤ ᠰᠢᠶᠠᠨ ︵ᠬᠤᠲᠠ᠂ ᠲᠣᠭᠤᠷᠢᠭ︶ ᠤ ᠴᠡᠷᠢᠭ ᠤᠨ ᠠᠯᠪᠠᠨ  ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠤᠨ ᠵᠦᠢᠯᠡᠰ ᠢ ᠪᠡᠶᠡᠯᠡᠭᠦᠯᠦᠨ᠎ᠡ᠃ ᠡᠭᠦᠷᠭᠡ ᠬᠠᠷᠢᠭᠤᠴᠠᠯᠭ᠎ᠠ᠄     ︵1︶ ᠦᠷᠡᠭᠳᠡᠭᠰᠡᠨ ᠪᠠᠭᠠᠲᠤᠷᠴᠤᠳ ᠢ ᠲᠠᠬᠢᠬᠤ᠂ ᠠᠷᠠᠳ ᠲᠦᠮᠡᠨ ᠢ ᠰᠤᠷᠭᠠᠨ ᠬᠥᠮᠥᠵᠢᠭᠦᠯᠬᠦ ᠠᠵᠢᠯ ᠢ ᠬᠠᠷᠢᠭᠤᠴᠠᠨ᠎ᠠ᠃     ︵2︶ ᠴᠡᠴᠡᠷᠯᠢᠭ ᠤᠨ ᠳᠣᠲᠣᠷᠠᠬᠢ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪ᠊ ‍ᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ᠂ ᠬᠠᠮᠢᠶᠠᠷᠤᠯᠲᠠ ᠬᠢᠭᠡᠳ ᠣᠷᠴᠢᠨ ᠲᠣᠭᠤᠷᠢᠨ ᠢ ᠭᠤᠶᠣᠵᠢᠭᠤᠯᠬᠤ ᠠᠵᠢᠯ ᠢ ᠬᠠᠷᠢᠭᠤᠴᠠᠨ᠎ᠠ᠃     ︵3︶ ᠨᠥᠭᠴᠢᠭᠰᠡᠨ ᠪᠠᠭᠠᠲᠤᠷᠴᠤᠳ ᠤᠨ ᠦᠯᠡᠳᠡᠭᠡᠭᠰᠡᠨ ᠶᠠᠭᠤᠮ᠎ᠠ ᠪᠠ ᠬᠤᠪᠢᠰᠬᠠᠯ ᠤᠨ ᠲᠡᠦᠬᠡᠨ ᠮᠠᠲ᠋ᠧᠷᠢᠶᠠᠯ ᠢ ᠳᠡᠯᠭᠡᠨ ᠦᠵᠡᠭᠦᠯᠵᠦ ᠳᠡᠯᠭᠡᠨ ᠦᠵᠡᠭᠦᠯᠬᠦ ᠠᠵᠢᠯ ᠢ ᠬᠠᠷᠢᠭᠤᠴᠠᠨ᠎ᠠ᠃     ︵4︶ ᠬᠤᠪᠢᠰᠬᠠᠯ ᠤᠨ ᠲᠡᠦᠬᠡᠨ ᠮᠠᠲ᠋ᠧᠷᠢᠶᠠᠯ ᠢ ᠴᠤᠭᠯᠠᠭᠤᠯᠵᠤ ᠨᠠᠶᠢᠷᠠᠭᠤᠯᠤᠨ ᠪᠢᠴᠢᠬᠦ ᠠᠵᠢᠯ ᠢ ᠬᠠᠷᠢᠭᠤᠴᠠᠨ᠎ᠠ      ︵5︶ ᠦᠷᠡᠭᠳᠡᠭᠰᠡᠨ ᠪᠠᠭᠠᠲᠤᠷᠴᠤᠳ ᠤᠨ ᠴᠢᠨᠳᠠᠷ ᠢ ᠲᠠᠯᠪᠢᠬᠤ ᠪᠠ ᠬᠠᠳᠠᠭᠠᠯᠠᠬᠤ ᠠᠵᠢᠯ ᠢ  ᠬᠠᠷᠢᠭᠤᠴᠠᠨ᠎ᠠ᠃     ︵6︶ ᠨᠥᠭᠴᠢᠭᠰᠡᠨ ᠪᠠᠭᠠᠲᠤᠷᠴᠤᠳ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠠᠩᠰᠠ ᠡᠪᠬᠡᠮᠡᠯ ᠪᠠᠶᠢᠭᠤᠯᠬᠤ ᠪᠠ ᠬᠠᠳᠠᠭᠠᠯᠠᠨ ᠬᠠᠮᠢᠶᠠᠷᠬᠤ ᠶᠢ ᠬᠠᠷᠢᠭᠤᠴᠠᠨ᠎ᠠ ᠃     ︵7︶ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ᠃     ︵8︶ ᠪᠤᠰᠤᠳ ᠬᠤᠯᠪᠣᠭᠳᠠᠯ ᠪᠦᠬᠦᠢ ᠨᠡᠶᠢᠭᠡᠮ ᠤᠨ ᠦᠢᠯᠡᠴᠢᠯᠡᠭᠡ ᠶᠢ ᠬᠠᠷᠢᠭᠤᠴᠠᠨ ᠥᠷᠨᠢᠭᠦᠯᠦᠨ᠎ᠡ᠃     ︵9︶ ᠡᠷᠬᠢᠯᠡᠨ ᠭᠦᠢᠴᠡᠳᠬᠡᠬᠦ ᠲᠣᠪᠴᠢᠶᠠᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ᠃     ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠵᠠᠰᠠᠭ ᠤᠨ ᠣᠷᠳᠣᠨ ᠤ ᠵᠡᠭᠡᠯᠢ ᠶᠢᠨ ᠪᠠᠷᠠᠭᠤᠨ ᠲᠤᠰᠠᠯᠠᠬᠤ ᠵᠠᠮ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠡᠭᠦᠨ ᠲᠠᠯ᠎ᠠ     ᠬᠠᠷᠢᠯᠴᠠᠬᠤ ᠤᠲᠠᠰᠤ᠄ 0471-8163628     ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 ︱ 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶     ᠬᠠᠷᠢᠭᠤᠴᠠᠯᠭᠠᠲᠠᠨ᠄ ᠶᠦᠨ ᠴᠧᠩ ᠺᠦᠢ 
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号