ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 
ᠨᠡᠶᠢᠲᠡᠯᠡᠭᠰᠡᠨ ᠴᠠᠭ᠄
2024/3/11
      ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠤᠰᠢᠭᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠭᠤᠣᠯᠳᠠᠭᠤ ᠤᠯᠤᠰ ᠤᠨ ᠪᠠ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠡᠮᠨᠡᠯᠭᠡ ᠶᠢᠨ ᠪᠠᠲᠤᠯᠠᠭ᠎ᠠ᠂ ᠡᠮ ᠡᠮᠨᠡᠯᠭᠡ ᠶᠢᠨ ᠦᠢᠯᠡᠴᠢᠯᠡᠭᠡ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠦᠨᠳᠦᠰᠦᠨ ᠡᠮ ᠤᠨ ᠵᠦᠢᠯ ᠤᠨ ᠳᠦᠷᠢᠮ ᠪᠠ ᠦᠨᠳᠦᠰᠦᠨ ᠱᠠᠲᠤᠨ ᠤ ᠠᠵᠢᠯᠯᠠᠭᠠᠨ ᠤ ᠰᠢᠨ᠎ᠡ ᠲᠣᠭᠲᠠᠴᠠ ᠶᠢ ᠵᠣᠬᠢᠴᠠᠭᠤᠯᠤᠨ ᠠᠬᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠰᠲ᠋ᠧᠮ ᠳᠤ ᠳᠣᠲᠣᠭᠠᠳᠤ ᠳᠠᠭᠠᠨ ᠨᠡᠶᠢᠲᠡ 11 ᠬᠤᠪᠢ ᠣᠷᠣᠭᠤᠯᠤᠭᠰᠠᠨ ᠲᠠᠰᠤᠭ  ᠲᠠᠢ᠂ ᠲᠤᠰ ᠲᠤᠰ ᠠᠯᠪᠠᠨ ᠭᠡᠷ᠂ ᠠᠵᠢᠯᠲᠠᠨ ᠤ ᠶᠠᠪᠤᠳᠠᠯ ᠤᠨ ᠲᠠᠰᠤᠭ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠠᠰᠤᠭ ︵ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠯᠪᠠᠨ ᠭᠡᠷ︶᠂ ᠡᠮᠨᠡᠯᠭᠡ ᠶᠢᠨ ᠶᠠᠪᠤᠳᠠᠯ ᠡᠮᠴᠢᠯᠡᠭᠡᠨ ᠤ ᠬᠠᠮᠢᠶᠠᠷᠤᠯᠲᠠ ᠶᠢᠨ ᠲᠠᠰᠤᠭ ︵ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠲᠠᠰᠤᠭ︶᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠰᠤᠭ᠂ ᠡᠬᠡ ᠨᠢᠯᠬᠠᠰ ᠤᠨ ᠡᠷᠡᠭᠦᠯ ᠮᠡᠨᠳᠦ ᠶᠢᠨ ᠲᠠᠰᠤᠭ ︵ᠬᠥᠮᠥᠨ ᠠᠮᠠ ᠶᠢᠨ ᠬᠢᠨᠠᠨ ᠬᠡᠮᠵᠢᠬᠦ ᠭᠡᠷ ᠪᠦᠯᠢ ᠶᠢᠨ ᠬᠥᠭᠵᠢᠯᠲᠡ ᠶᠢᠨ ᠲᠠᠰᠤᠭ︶᠂ ᠲᠥᠯᠦᠪᠵᠢᠭᠦᠯᠭᠡ ᠶᠢᠨ ᠮᠡᠳᠡᠭᠡ ᠵᠠᠩᠭᠢ ᠶᠢᠨ ᠪᠦᠷᠢᠳᠬᠡᠯ ᠤᠨ ᠲᠠᠰᠤᠭ᠂ ᠬᠠᠤᠯᠢ ᠳᠦᠷᠢᠮ ᠬᠢᠭᠡᠳ ᠶᠡᠷᠦᠩᠬᠡᠶᠢᠯᠡᠨ ᠬᠢᠨᠠᠯᠲᠠ ᠲᠠᠯᠪᠢᠬᠤ ᠲᠠᠰᠤᠭ ︵ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠯᠪᠠᠨ ᠭᠡᠷ︶᠂ ᠢᠳᠡᠭᠡᠨ ᠤ ᠠᠮᠤᠷ ᠲᠦᠪᠰᠢᠨ ᠬᠢᠭᠡᠳ ᠡᠮ ᠤᠨ ᠵᠦᠢᠯ ᠤᠨ ᠲᠥᠷᠥ ᠶᠢᠨ ᠪᠣᠳᠣᠯᠭ᠎ᠠ ᠶᠢᠨ ᠲᠠᠰᠤᠭ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠲᠠᠰᠤᠭ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠠᠰᠤᠭ᠃         ᠬᠤᠷᠢᠶ᠎ᠠ ᠳᠤ ᠬᠠᠷᠢᠶᠠᠯᠠᠭᠳᠠᠬᠤ ᠬᠤᠶᠠᠳᠤᠭᠠᠷ ᠳᠡᠰ ᠤᠨ ᠨᠢᠭᠡᠴᠡ 7 ᠪᠣᠶ᠂ ᠲᠣᠰ ᠲᠣᠰ᠄ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ᠂ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠠᠰᠠᠭ ᠵᠠᠬᠢᠷᠭᠠᠨ ᠤ ᠶᠡᠭᠡ ᠠᠩᠭᠢ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠡᠷᠭᠡᠶᠢᠯᠡᠨ ᠬᠠᠮᠠᠭᠠᠯᠠᠬᠤ ᠥᠷᠲᠡᠭᠡ᠂ ᠬᠤᠰᠢᠭᠤᠨ ᠤ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠵᠡᠷᠭᠡ ᠪᠣᠯᠣᠨ᠎ᠠ᠃ ᠬᠤᠷᠢᠶᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 15 ᠬᠥᠮᠥᠨ᠂ ᠠᠵᠢᠯ ᠤᠨ ᠦᠢᠯᠡᠴᠢᠯᠡᠭᠡᠨ ᠤ ᠣᠷᠣᠨ ᠲᠤᠭ᠎ᠠ 4 ᠬᠥᠮᠥᠨ᠂ ᠠᠵᠢᠯ ᠦᠢᠯᠡᠰ ᠤᠨ ᠣᠷᠣᠨ ᠲᠤᠭ᠎ᠠ 6 ᠬᠥᠮᠥᠨ ᠪᠤᠢ᠃ ᠣᠲᠣ ᠵᠠᠰᠠᠭ ᠵᠠᠬᠢᠷᠭᠠᠨ ᠤ ᠠᠵᠢᠯᠲᠠᠨ 8 ᠬᠥᠮᠥᠨ᠂ ᠦᠢᠯᠡᠴᠢᠯᠡᠭᠡᠨ ᠤ ᠠᠵᠢᠯᠲᠠᠨ 2 ᠬᠥᠮᠥᠨ᠂ ᠠᠵᠢᠯ ᠦᠢᠯᠡᠰ ᠤᠨ ᠠᠵᠢᠯᠲᠠᠨ 5 ᠬᠥᠮᠥᠨ ᠪᠣᠶ᠃     ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠠᠷᠠᠳ ᠤᠨ ᠵᠠᠮ ᠤᠨ ᠬᠤᠶᠢᠲᠤ ᠬᠡᠰᠡᠭ      ᠬᠠᠷᠢᠯᠴᠠᠬᠤ ᠤᠲᠠᠰᠤ᠄ 0471-8125190      ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 ︱ 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭ᠎ᠠ ᠡᠭᠦᠷᠭᠡᠯᠡᠭᠴᠢ᠄ ᠶᠦᠨ ᠵᠢᠶᠠᠨ ᠬᠥᠩ  
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号