ᠨᠢᠭᠡᠳᠦᠭᠡᠷ ᠵᠦᠢᠯ ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ | ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠲᠦᠮᠡᠳ ᠵᠡᠭᠦᠨ ᠬᠤᠰᠢᠭᠤᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ | ᠲᠣᠭᠲᠠᠭᠠᠪᠠ᠃ | ᠬᠤᠶᠠᠳᠤᠭᠠᠷ ᠵᠦᠢᠯ ᠲᠦᠮᠡᠳ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠪᠠ ᠷᠠᠳᠢᠣ᠋ ᠲᠧᠯᠸᠢᠰ ᠤᠨ | ᠲᠣᠪᠴᠢᠶ᠎ᠠ ᠪᠣᠯ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ | ᠂ ᠵᠢᠩᠬᠢᠨᠢ ᠰᠠᠯᠠᠭᠠᠨ ᠤ ᠲᠠᠰ ᠪᠣᠯᠣᠨ᠎ᠠ᠃ ᠲᠦᠮᠡᠳ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ | ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃ | ᠭᠤᠷᠪᠠᠳᠤᠭᠠᠷ ᠵᠦᠢᠯ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠨᠢ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠲᠡᠦᠬᠡ ᠶᠢᠨ ᠳᠤᠷᠠᠰᠬᠠᠯᠲᠤ ᠵᠦᠢᠯ ᠪᠠ ᠷᠠᠳᠢᠣ᠋ | ᠲᠧᠯᠸᠢᠰ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ | ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠰᠣᠶᠣᠯ᠂ ᠪᠡᠶ᠎ᠡ ᠶᠢᠨ | ᠲᠠᠮᠢᠷ᠂ ᠵᠢᠭᠤᠯᠴᠢᠯᠠᠯ᠂ ᠲᠡᠦᠬᠡ ᠶᠢᠨ ᠳᠤᠷᠠᠰᠬᠠᠯᠲᠤ ᠵᠦᠢᠯ ᠪᠠ ᠷᠠᠳᠢᠣ᠋ ᠲᠧᠯᠸᠢᠰ ᠤᠨ ᠠᠵᠢᠯ ᠤᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠨ᠎ᠠ᠃ | ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ | ᠵᠡᠭᠡᠯᠢ ᠶᠢᠨ ᠴᠡᠯᠡᠭᠡᠷ ᠲᠠᠯ᠎ᠠ ᠶᠡᠭᠡ ᠠᠰᠠᠷ ᠤᠨ 508 ᠰᠣᠶᠣᠯ ᠵᠢᠭᠤᠯᠴᠢᠯᠠᠯ ᠪᠠ ᠷᠠᠳᠢᠣ᠋ ᠲᠧᠯᠸᠢᠰ ᠤᠨ ᠲᠣᠪᠴᠢᠶ᠎ᠠ | ᠬᠠᠷᠢᠯᠴᠠᠬᠤ ᠤᠲᠠᠰᠤ᠄ 0471-8153210 | ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 | ︱ 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠬᠠᠷᠢᠭᠤᠴᠠᠯᠭᠠᠲᠠᠨ᠄ ᠵᠠᠩ ᠶᠠ | | |