ᠲᠦᠮᠡᠳ ᠵᠡᠭᠦᠨ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ 
ᠨᠡᠶᠢᠲᠡᠯᠡᠭᠰᠡᠨ ᠴᠠᠭ᠄
2024/3/11
ᠨᠢᠭᠡ᠂ ᠭᠤᠣᠯ ᠪᠣᠯᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ     1. ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ︵ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠵᠡᠷᠭᠡ︶ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃     2. ᠪᠦᠭᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦᠨ ᠤ ᠲᠥᠰᠥᠪ ᠢ ᠬᠡᠷᠡᠭᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦᠨ ᠤ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠭᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦᠨ ᠤ ᠠᠵᠢᠯᠯᠠᠭᠠᠨ ᠤ ᠬᠠᠮᠢᠶᠠᠷᠤᠯᠲᠠ ᠢ ᠬᠢᠨᠠᠨ᠎ᠠ᠃     3. ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠢᠭᠡᠳᠦᠯᠲᠡᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠵᠡᠷᠭᠡ ᠡᠮᠴᠢᠯᠡᠭᠡᠨ ᠤ ᠪᠠᠲᠤᠯᠠᠭ᠎ᠠ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃     4. ᠪᠥᠬᠦ ᠬᠤᠰᠢᠭᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ᠂ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠬᠢᠨᠠᠨ ᠬᠠᠮᠢᠶᠠᠷᠴᠤ᠂ ᠡᠮ ᠤᠨ ᠵᠦᠢᠯ ᠪᠠ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠳᠤᠮᠳᠠᠬᠢ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠨ᠎ᠡ᠃     5. ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠪᠥᠬᠦ ᠬᠤᠰᠢᠭᠤᠨ ᠤ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠳᠡᠯᠴᠡᠭᠡᠷ ᠢᠶᠠᠷ ᠬᠠᠮᠢᠶᠠᠷᠬᠤ ᠪᠠ ᠲᠣᠭᠠᠴᠠᠭ᠎ᠠ ᠬᠢᠬᠦ ᠬᠠᠮᠢᠶᠠᠷᠤᠯᠲᠠ ᠶᠢ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠶᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ  ᠰᠢᠰᠲ᠋ᠧᠮ ᠢ ᠨᠠᠶᠢᠲᠠᠪᠤᠷᠢᠵᠢᠭᠤᠯᠤᠨ᠎ᠠ᠃     6. ᠪᠥᠬᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠬᠠᠮᠢᠶᠠᠷᠤᠯᠲᠠ ᠶᠢ ᠬᠠᠷᠢᠭᠤᠴᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠳᠤ ᠣᠷᠣᠯᠴᠠᠨ᠎ᠠ᠃ ᠣᠨᠳᠣᠣ ᠭᠠᠵᠠᠷ ᠲᠤ ᠡᠮᠨᠡᠭᠦᠯᠬᠦ ᠶᠢ ᠬᠠᠮᠢᠶᠠᠷᠬᠤ᠂ ᠵᠠᠷᠤᠳᠠᠯ ᠢ ᠳ᠋ᠦᠩᠨᠡᠨ ᠪᠤᠳᠤᠬᠤ ᠪᠠ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠨᠠᠶᠢᠳᠠᠪᠤᠷᠢᠵᠢᠭᠤᠯᠤᠨ᠎ᠠ᠃     7. ᠪᠥᠬᠦ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠥᠯᠥᠪᠵᠢᠭᠦᠯᠦᠨ ᠬᠡᠷᠡᠭᠵᠢᠭᠦᠯᠬᠦ ᠶᠢ ᠬᠠᠷᠢᠭᠤᠴᠠᠵᠤ᠂ ᠡᠮᠴᠢᠯᠡᠭᠡᠨ ᠤ ᠪᠠᠲᠤᠯᠠᠭ᠎ᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠪᠠ ᠬᠡᠷᠡᠭᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     8. ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠬᠦᠨ ᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ︽ᠭᠤᠷᠪᠠᠨ ᠨᠢᠭᠡ ᠪᠦᠯᠦᠭ︾ ᠤᠨ ᠠᠵᠢᠯᠯᠠᠭ᠎ᠠ ᠶᠢᠨ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ᠂ ᠬᠤᠳᠠᠯᠳᠤᠭᠠᠨ ᠤ ᠡᠷᠡᠭᠦᠯ ᠮᠡᠨᠳᠦ ᠶᠢᠨ ᠨᠥᠬᠦᠪᠦᠷᠢ ᠳᠠᠭᠠᠳᠬᠠᠯ ᠵᠡᠷᠭᠡ ᠲᠥᠷᠥ ᠶᠢᠨ ᠪᠣᠳᠣᠯᠭ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠦᠢᠯᠡᠳᠦᠯ ᠢ ᠲᠡᠭᠦᠯᠳᠡᠷᠵᠢᠭᠦᠯᠦᠨ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠡᠮᠴᠢᠯᠡᠭᠡᠨ ᠤ ᠵᠠᠷᠤᠳᠠᠯ ᠢ ᠪᠠᠷᠢᠮᠵᠢᠶ᠎ᠠ ᠶᠢᠨ ᠱᠠᠭᠠᠷᠳᠠᠯᠭ᠎ᠠ ᠳᠤ ᠪᠣᠳᠠᠲᠠᠢ ᠪᠠᠷ ᠨᠡᠶᠢᠴᠡᠭᠦᠯᠬᠦ ᠶᠢ ᠦᠨᠡᠨᠬᠦ ᠪᠠᠲᠤᠯᠠᠨ᠎ᠠ᠃     9. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     10. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠪᠣᠯᠣᠨ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠦ ᠠᠷᠠᠳ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ ᠶᠢ ᠬᠠᠮᠤᠷᠤᠭᠰᠠᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠳᠠᠭᠠᠳᠬᠠᠯ ᠤᠨ ᠪᠡᠯᠡ ᠮᠥᠩᠭᠦ ᠶᠢ ᠵᠦᠢ ᠵᠣᠬᠢᠰᠲᠠᠢ ᠬᠡᠷᠡᠭᠯᠡᠬᠦ᠂ ᠠᠮᠤᠷ ᠲᠦᠪᠰᠢᠨ ᠢ ᠡᠵᠡᠮᠳᠡᠵᠦ ᠪᠣᠯᠬᠤ ᠶᠢ ᠦᠨᠡᠨᠬᠦ ᠪᠠᠲᠤᠯᠠᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ︽ᠭᠤᠷᠪᠠᠨ ᠡᠮᠴᠢᠯᠡᠭᠡᠨ ᠤ ᠬᠤᠯᠪᠤᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠠᠬᠢᠭᠤᠯᠤᠨ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃     11᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠶᠢᠨ ᠳᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃     ᠨᠢᠭᠡᠴᠡ ᠶᠢᠨ ᠪᠦᠬᠦᠯᠢ ᠨᠡᠷᠡᠶᠢᠳᠦᠯ᠄ ᠲᠦᠮᠡᠳ ᠵᠡᠭᠦᠨ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ     ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ ᠵᠡᠭᠡᠯᠢ ᠶᠢᠨ ᠨᠡᠶᠢᠭᠡᠮ ᠤᠨ ᠪᠠᠲᠤᠯᠠᠭ᠎ᠠ ᠶᠢᠨ ᠲᠣᠮᠣ ᠠᠰᠠᠷ ᠤᠨ 2 ᠳ᠋ᠤᠭᠠᠷ ᠳᠡᠭᠲᠡᠷ     ᠬᠠᠷᠢᠯᠴᠠᠬᠤ ᠤᠲᠠᠰᠤ᠄ 0471-8116616     ᠰᠢᠤᠳᠠᠨ ᠬᠠᠶᠢᠷᠴᠠᠭ᠄ tzqybj@126.com     ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 ︱ 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶     ᠬᠠᠷᠢᠭᠤᠴᠠᠯᠭ᠎ᠠ ᠡᠭᠦᠷᠭᠡᠯᠡᠭᠴᠢ᠄ ᠴᠢᠨ ᠢ ᠱᠧᠩ  
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号