ᠲᠦᠮᠡᠳ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/3/11
ᠨᠢᠭᠡ᠂ ᠲᠦᠮᠡᠳ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ     ᠲᠦᠮᠡᠳ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠯ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠣᠨ᠎ᠠ᠃ ᠲᠦᠮᠡᠳ ᠵᠡᠭᠦᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠲᠣᠬᠢᠷᠠᠭᠤᠯᠪᠠ᠃︵ᠨᠢᠭᠡ︶ ᠭᠤᠣᠯ ᠡᠭᠦᠷᠭᠡ ᠬᠠᠷᠢᠭᠤᠴᠠᠯᠭ᠎ᠠ     1. ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠪᠠ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠵᠤ ᠭᠠᠮᠰᠢᠭ  ᠠᠴᠠ ᠠᠪᠤᠷᠠᠬᠤ ᠠᠵᠢᠯ ᠢ ᠵᠢᠯᠣᠭᠤᠳᠤᠨ᠎ᠠ᠃ ᠠᠶᠤᠯ ᠦᠭᠡᠢ ᠦᠢᠯᠡᠳᠪᠦᠷᠢᠯᠡᠯ ‍ᠤᠨ‌‍ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶᠠᠨ  ᠤ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     2. ᠲᠦᠮᠡᠳ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ᠂ ᠠᠶᠤᠯ ᠦᠭᠡᠢ ᠦᠢᠯᠡᠳᠪᠦᠷᠢᠯᠡᠯ ᠪᠣᠯᠣᠨ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠣᠷᠣᠨ ᠨᠤᠲᠤᠭ ᠤᠨ ᠵᠢᠷᠤᠮᠵᠢᠯ ᠤᠨ ᠴᠢᠨᠠᠷᠲᠠᠢ ᠪᠢᠴᠢᠭ  ᠮᠠᠲ᠋ᠧᠷᠢᠶᠠᠯ ᠪᠣᠯᠣᠨ ᠳᠦᠷᠢᠮ ᠤᠨ ᠠᠷᠭ᠎ᠠ ᠬᠡᠮᠵᠢᠶ᠎ᠡ ᠶᠢ ᠲᠤᠭᠤᠷᠪᠢᠨ ᠪᠢᠴᠢᠵᠦ᠂ ᠬᠠᠮᠢᠶ᠎ᠠ ᠪᠦᠬᠦᠢ ᠳᠦᠷᠢᠮ᠂ ᠳᠦᠷᠢᠮ ᠲᠣᠭᠲᠠᠭᠠᠯ  ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃     3. ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠥᠰᠥᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠤᠭᠤᠳᠴᠤ᠂ ᠤᠯᠤᠰ ᠤᠨ ᠠᠳᠡᠯ ᠤᠨ ᠭᠠᠮᠰᠢᠭ ᠪᠠ ᠪᠠᠶᠢᠭᠠᠯᠢ ᠶᠢᠨ ᠭᠠᠮᠰᠢᠭ ᠢ ᠲᠠᠰ ᠬᠤᠪᠢᠶᠠᠨ ᠠᠷᠭᠠᠴᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ᠪᠠ ᠠᠶᠤᠯ ᠦᠭᠡᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠢ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠥᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠵᠤ ᠠᠶᠤᠯ   ᠠᠴᠠ ᠵᠠᠶᠢᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃     4. ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠵᠤ᠂ ᠮᠡᠳᠡᠭᠡ ᠵᠠᠩᠭᠢ ᠳᠠᠮᠵᠢᠭᠤᠯᠬᠤ ᠠᠷᠭ᠎ᠠ ᠵᠠᠮ ᠤᠨ ᠲᠥᠯᠦᠪᠵᠢᠭᠦᠯᠭᠡ ᠪᠠ ᠪᠠᠶᠢᠷᠢᠰᠢᠭᠤᠯᠤᠯᠲᠠ ᠶᠢᠨ ᠠᠵᠢᠯ ᠢ ᠠᠬᠢᠭᠤᠯᠤᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠵᠤ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠦᠨ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃     5. ᠪᠥᠬᠦ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠤᠭᠤᠳᠴᠤ ᠵᠣᠬᠢᠴᠠᠭᠤᠯᠤᠨ᠂ ᠪᠥᠬᠦ ᠬᠤᠰᠢᠭᠤᠨ ᠤ ᠬᠦᠨᠳᠦ ᠶᠡᠭᠡ ᠭᠠᠮᠰᠢᠭ ᠢ ᠠᠷᠭᠠᠴᠠᠬᠤ ᠵᠢᠯᠤᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠬᠤ ᠰᠠᠨᠠᠭᠤᠯᠭ᠎ᠠ ᠳᠤᠷᠠᠳᠴᠤ᠂ ᠬᠥᠬᠡᠬᠤᠲᠠ ᠪᠣᠯᠣᠨ ᠬᠤᠰᠢᠭᠤᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃     6. ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ ᠬᠤᠰᠢᠭᠤᠨ ᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠮᠡᠷᠭᠡᠵᠢᠯ ᠤᠨ ᠡᠩᠨᠡᠭᠡ ᠶᠢ ᠵᠣᠬᠢᠴᠠᠭᠤᠯᠤᠨ ᠵᠢᠯᠤᠭᠤᠳᠴᠤ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠢᠨ ᠵᠣᠬᠢᠴᠠᠯᠳᠤᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠵᠢᠯᠤᠭᠤᠳᠬᠤ ᠲᠠᠪᠴᠠᠩ ᠤᠨ ᠭᠠᠯ ᠤᠨᠲᠠᠷᠠᠭᠠᠬᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ ᠶᠢ ᠵᠣᠯᠭᠠᠭᠤᠯᠬᠤ ᠪᠠ ᠵᠣᠯᠭᠠᠭᠤᠯᠬᠤ ᠶᠢ ᠠᠬᠢᠭᠤᠯᠵᠤ᠂ ᠬᠤᠰᠢᠭᠤᠨ ᠳᠤ ᠰᠠᠭᠤᠭ᠎ᠠ ᠴᠡᠷᠢᠭ ᠠᠩᠭᠢ ᠮᠠᠨ ᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠠᠵᠢᠯ ᠳᠤ ᠣᠷᠣᠯᠴᠠᠨ᠎ᠠ᠃ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠵᠢᠯᠤᠭᠤᠳᠴᠤ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠯ ᠤᠨᠲᠠᠷᠠᠭᠠᠬᠤ᠂ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠨᠲᠠᠷᠠᠭᠠᠬᠤ᠂ ᠦᠶᠡᠷ ᠲᠠᠢ ᠲᠡᠮᠡᠴᠡᠨ ᠠᠶᠤᠯ  ᠠᠴᠠ ᠠᠪᠤᠷᠠᠬᠤ᠂ ᠭᠠᠵᠠᠷ ᠬᠥᠳᠡᠯᠦᠯᠲᠡ ᠪᠠ ᠭᠠᠵᠠᠷ ᠤᠨ ᠭᠠᠢ ᠭᠠᠮᠰᠢᠭ ᠤᠨ ᠠᠪᠤᠷᠠᠨ ᠲᠤᠰᠠᠯᠠᠬᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃     7. ᠡᠷᠬᠡ ᠮᠡᠳᠡᠯ ᠤᠨ ᠬᠡᠪᠴᠢᠶ᠎ᠡ ᠪᠠᠷ ᠢᠶᠠᠨ ᠪᠦᠭᠦ ᠬᠤᠰᠢᠭᠤᠨ ᠤ ᠭᠠᠯ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠬᠤ᠂ ᠭᠠᠯ ᠤᠨ ᠭᠠᠮᠰᠢᠭ ᠢ ᠰᠡᠷᠭᠡᠶᠢᠯᠡᠬᠦ᠂ ᠭᠠᠯ ᠤᠨ ᠭᠠᠮᠰᠢᠭ ᠠᠴᠠ ᠠᠪᠤᠷᠠᠬᠤ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠤᠨ᠎ᠠ᠃     8. ᠪᠥᠬᠦ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠤᠰᠤ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠤᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠤᠭᠤᠳᠴᠤ᠂ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠨ᠂ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃     9. ᠭᠠᠮᠰᠢᠭ  ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ  ᠠᠴᠠ ᠠᠪᠤᠷᠠᠬᠤ ᠳᠤ ᠬᠠᠨᠳᠢᠪᠯᠡᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠣᠨ ᠬᠤᠰᠢᠭᠤᠨ ᠤ ᠭᠠᠮᠰᠢᠭ  ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠬᠤ ᠪᠠ ᠬᠤᠪᠢᠶᠠᠷᠢᠯᠠᠬᠤ ᠶᠢᠨ ᠬᠠᠮᠲᠤ ᠬᠡᠷᠡᠭᠯᠡᠬᠦ ᠳᠤ ᠬᠢᠨᠠᠯᠲᠠ ᠲᠠᠯᠪᠢᠨ᠎ᠠ᠃      10᠂ ᠲᠦᠮᠡᠳ ᠵᠡᠭᠦᠨ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ᠂ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠰᠢᠶᠠᠩ ᠪᠠᠯᠭᠠᠰᠤ ᠵᠢᠴᠢ ᠨᠡᠭᠡᠭᠡᠯᠲᠡ ᠶᠢᠨ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠨ ᠪᠠᠶᠢᠴᠠᠭᠠᠵᠤ᠂ ᠠᠶᠤᠯ ᠦᠭᠡᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     11. ᠲᠠᠰ ᠬᠤᠪᠢᠶᠠᠬᠤ᠂ ᠬᠠᠷᠢᠶ᠎ᠠ ᠭᠠᠵᠠᠷ ᠤᠨ ᠵᠠᠷᠴᠢᠮ ᠶᠣᠰᠣᠭᠠᠷ᠂ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶ᠎ᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠵᠢᠴᠢ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ ᠪᠣᠯᠣᠨ ᠬᠤᠯᠪᠣᠭᠳᠠᠯ ᠪᠦᠬᠦᠢ ᠲᠥᠬᠦᠭᠡᠷᠦᠮᠵᠢ ︵ᠣᠨᠴᠠ ᠲᠥᠷᠥᠯ ᠤᠨ ᠲᠣᠨᠤᠭ ᠲᠥᠬᠦᠭᠡᠷᠦᠮᠵᠢ ᠠᠴᠠ ᠪᠤᠰᠤᠳ︶᠂ ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠳᠦᠷᠢᠮ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠪᠠ ᠬᠤᠸᠠᠷ ᠫᠤᠤᠵᠢᠩ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      12.ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠤᠭᠤᠳᠴᠤ᠂ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠪᠠᠶᠢᠭᠠᠯᠢ ᠶᠢᠨ ᠭᠠᠮᠰᠢᠭ ᠤᠨ ᠲᠦᠷᠦᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     13. ᠪᠦᠭᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠣᠨ ᠪᠣᠳᠠᠰ ᠤᠨ ᠨᠥᠭᠡᠴᠡ ᠪᠠ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠣᠨᠣᠭᠯᠠᠯ ᠤᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠣᠨ ᠪᠣᠳᠠᠰ ᠤᠨ ᠮᠡᠳᠡᠭᠡ ᠵᠠᠩᠭᠢ ᠶᠢᠨ ᠲᠠᠪᠴᠠᠩ ᠪᠠ ᠲᠣᠬᠢᠷᠠᠭᠤᠯᠤᠨ ᠥᠭᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠭᠠᠮᠰᠢᠭ ᠠᠴᠠ ᠠᠪᠤᠷᠠᠬᠤ ᠦᠶ᠎ᠡ ᠳᠤ ᠨᠢᠭᠡᠳᠦᠯᠲᠡᠢ ᠲᠣᠬᠢᠷᠠᠭᠤᠯᠤᠨ᠎ᠠ᠃     14.ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃     15. ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ᠂ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠵᠢᠯ ᠢ ᠬᠠᠷᠢᠭᠤᠴᠠᠨ᠎ᠠ᠃     16. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ᠬᠤᠶᠠᠷ᠂ ᠲᠦᠮᠡᠳ ᠵᠡᠭᠦᠨ ᠬᠤᠰᠢᠭᠤᠨ ᠤ ᠭᠠᠵᠠᠷ ᠬᠥᠳᠡᠯᠦᠯᠲᠡ ᠶᠢᠨ ᠲᠣᠪᠴᠢᠶ᠎ᠠᠲᠦᠮᠡᠳ ᠵᠡᠭᠦᠨ ᠬᠤᠰᠢᠭᠤᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠪᠣᠯ ᠲᠦᠮᠡᠳ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠣᠨ᠎ᠠ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠰᠠᠯᠠᠭᠠᠨ ᠤ ᠲᠠᠰ ᠲᠠᠢ ᠲᠡᠩᠴᠡᠨ᠎ᠡ᠃ᠭᠤᠷᠪᠠ᠂ ᠲᠦᠮᠡᠳ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢᠲᠦᠮᠡᠳ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠣᠯ ᠲᠦᠮᠡᠳ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠲᠠᠰ ᠤᠨ ᠨᠢᠭᠡᠴᠡ ᠪᠣᠯᠣᠨ᠎ᠠ᠃     ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ ᠵᠡᠭᠡᠯᠢ ᠶᠢᠨ ᠡᠮᠦᠨ᠎ᠡ ᠴᠡᠯᠡᠭᠡᠷ ᠲᠠᠯ᠎ᠠ ᠶᠡᠭᠡ ᠠᠰᠠᠷ ᠤᠨ ᠵᠢᠷᠭᠤᠳᠤᠭᠠᠷ ᠳᠡᠭᠲᠡᠷ     ᠬᠠᠷᠢᠯᠴᠠᠬᠤ ᠤᠲᠠᠰᠤ᠄ 0471-8165909     ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 ︱ 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶     ᠬᠠᠷᠢᠭᠤᠴᠠᠯᠭᠠᠲᠠᠨ᠄ ᠵᠤᠤ ᠬᠠᠢ ᠪᠦᠥᠸ᠋ 
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号