ᠲᠦᠡᠮᠳ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ 
ᠨᠡᠶᠢᠲᠡᠯᠡᠭᠰᠡᠨ ᠴᠠᠭ᠄
2024/3/11
     ᠨᠢᠭᠡᠳᠦᠭᠡᠷ ᠵᠦᠢᠯ  ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃     ᠬᠤᠶᠠᠳᠤᠭᠠᠷ ᠵᠦᠢᠯ  ᠲᠦᠮᠡᠳ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠣᠨ᠎ᠠ᠂ ᠵᠢᠩᠬᠢᠨᠢ ᠰᠠᠯᠠᠭ᠎ᠠ ᠶᠢᠨ ᠲᠠᠰ ᠲᠤ᠂ ᠲᠦᠮᠡᠳ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠠ ᠲᠦᠮᠡᠳ ᠵᠡᠭᠦᠨ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠫᠠᠶᠢᠰᠠ ᠶᠢ ᠨᠡᠮᠡᠵᠦ ᠡᠯᠭᠦᠨ᠎ᠡ᠃     ᠭᠤᠷᠪᠠᠳᠤᠭᠠᠷ ᠵᠦᠢᠯ  ᠲᠦᠮᠡᠳ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠳᠡᠭᠡᠳᠦ ᠱᠠᠲᠤᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ ᠃     ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠡᠯᠡᠭᠡᠷ ᠲᠠᠯ᠎ᠠ ᠶᠡᠭᠡ ᠵᠡᠭᠡᠯᠢ ᠶᠢᠨ ᠴᠡᠯᠡᠭᠡᠷ ᠲᠠᠯ᠎ᠠ ᠶᠡᠭᠡ ᠠᠰᠠᠷ ᠤᠨ 10 ᠳ᠋ᠤᠭᠠᠷ  ᠳᠡᠭᠲᠡᠷ     ᠬᠠᠷᠢᠯᠴᠠᠬᠤ ᠤᠲᠠᠰᠤ᠄ 0471-8115409     ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 ︱ 5᠄ 31 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶     ᠬᠠᠷᠢᠭᠤᠴᠠᠯᠭ᠎ᠠ ᠡᠭᠦᠷᠭᠡᠯᠡᠭᠴᠢ᠄ ᠪᠠᠶᠠᠨ 
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号