ᠨᠢᠭᠡᠳᠦᠭᠡᠷ ᠵᠦᠢᠯ ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ | ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠰᠢᠭᠤᠨ ᠤ | ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠲᠦᠮᠡᠳ ᠵᠡᠭᠦᠨ | ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ | ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠲᠦᠮᠡᠳ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ | ᠳᠣᠷᠣᠭᠰᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠡᠵᠦ ᠲᠣᠪᠴᠢᠯᠠᠨ᠎ᠠ︶ ᠪᠣᠯ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠠᠶᠢᠵᠤ᠂ ᠵᠢᠩᠬᠢᠨᠢ | ᠰᠠᠯᠠᠭᠠᠨ ᠤ ᠲᠠᠰ ᠪᠣᠯᠣᠨ᠎ᠠ᠃ | ᠭᠤᠷᠪᠠᠳᠤᠭᠠᠷ ᠵᠦᠢᠯ ᠬᠤᠰᠢᠭᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠡᠭᠡᠳᠦ ᠱᠠᠲᠤᠨ ᠤ | ᠰᠠᠯᠠᠭ᠎ᠠ ᠮᠥᠴᠢᠷ ᠪᠠ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠤᠨ | ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠨᠠᠮ ᠤᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠨ᠎ᠠ᠃ | ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ | ᠵᠡᠭᠡᠯᠢ ᠶᠢᠨ ᠬᠤᠶᠢᠲᠤ ᠲᠠᠯ᠎ᠠ | ᠬᠠᠷᠢᠯᠴᠠᠬᠤ ᠤᠲᠠᠰᠤ᠄ 0471-8152009 | ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 | ︱ 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠬᠠᠷᠢᠭᠤᠴᠠᠯᠭᠠᠲᠠᠨ᠄ ᠸᠠᠩ ᠷᠦᠢ | | |