ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 
ᠨᠡᠶᠢᠲᠡᠯᠡᠭᠰᠡᠨ ᠴᠠᠭ᠄
2024/3/11
     ︽︿ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾  ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠢ ᠪᠠᠶᠢᠭᠤᠯᠵᠤ᠂ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ᠂ ᠲᠦᠮᠡᠳ ᠵᠡᠭᠦᠨ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠫᠠᠶᠢᠰᠠ ᠶᠢ ᠡᠯᠭᠦᠵᠦ᠂ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠭᠠᠨ᠎ᠠ᠃ᠨᠢᠭᠡ᠂ ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ     ︵ᠨᠢᠭᠡ︶ ᠮᠡᠳᠡᠭᠡ ᠵᠠᠩᠭᠢᠵᠢᠯᠲᠠ ᠶᠢᠨ ᠠᠵᠢᠯ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠢ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠳᠤ ᠬᠤᠪᠢᠶᠠᠷᠢᠯᠠᠨ ᠥᠭᠭᠦᠨ᠎ᠡ᠃     ︵ᠬᠤᠶᠠᠷ︶ ᠠᠷᠠᠳ ᠤᠨ ᠠᠭᠠᠷ  ᠤᠨ ᠰᠡᠷᠭᠡᠶᠢᠯᠡᠯᠲᠡ ᠶᠢᠨ ᠠᠯᠪᠠᠨ ᠭᠡᠷ  ᠤᠨ ᠠᠵᠢᠯ ‍ᠤᠨ‌ᠡᠭᠦᠷᠭᠡ ᠬᠠᠷᠢᠭᠤᠴᠠᠯᠭ᠎ᠠ ᠶᠢ ᠣᠷᠣᠨ ᠰᠠᠭᠤᠴᠠ ᠪᠣᠯᠣᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠲᠣᠪᠴᠢᠶ᠎ᠠ  ᠳᠤ ᠬᠤᠪᠢᠶᠠᠷᠢᠯᠠᠨ ᠥᠭᠭᠦᠨ᠎ᠡ᠃     ︵ᠭᠤᠷᠪᠠ︶ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠵᠢᠯᠤᠭᠤᠳᠴᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠨᠡᠮᠡᠭᠳᠡᠭᠦᠯᠦᠨ᠎ᠡ᠃     ︵ᠳᠥᠷᠪᠡ︶ ᠦᠢᠯᠡᠴᠢᠯᠡᠬᠦ ᠪᠠ ᠪᠠᠴᠢᠮ ᠪᠠᠶᠢᠳᠠᠯ ᠢ ᠠᠷᠭᠠᠴᠠᠬᠤ᠂ ᠰᠢᠮᠳᠠᠭᠤᠯᠤᠨ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ᠬᠤᠶᠠᠷ᠂ ᠭᠤᠣᠯ ᠡᠭᠦᠷᠭᠡ ᠬᠠᠷᠢᠭᠤᠴᠠᠯᠭ᠎ᠠ     ︵ᠨᠢᠭᠡ︶ ᠬᠤᠰᠢᠭᠤᠨ ᠤ ᠵᠠᠰᠠᠭ ᠤᠨ ᠣᠷᠳᠣᠨ ᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠪᠡᠯᠡᠳᠬᠡᠯ ᠠᠵᠢᠯ ᠢ ᠬᠠᠷᠢᠭᠤᠴᠠᠵᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠷᠠᠯ ᠤᠨ ᠲᠣᠭᠲᠠᠭᠠᠭᠰᠠᠨ ᠵᠦᠢᠯᠡᠰ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ᠎ᠠ᠃    ︵ᠬᠤᠶᠠᠷ︶ ᠬᠤᠰᠢᠭᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠬᠤ ᠪᠤᠶᠤ ᠬᠢᠨᠠᠨ ᠬᠠᠷᠭᠤᠭᠤᠯᠵᠤ᠂ ᠬᠤᠰᠢᠭᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠢᠴᠢ ᠠᠵᠢᠯ ᠤᠨ ᠢᠯᠡᠳᠬᠡᠯ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃     ︵ᠭᠤᠷᠪᠠ︶ ᠡᠯ᠎ᠡ ᠰᠢᠶᠠᠩ ᠪᠠᠯᠭᠠᠰᠤ᠂ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠡᠯ᠎ᠡ ᠰᠠᠯᠠᠭ᠎ᠠ ᠮᠥᠴᠢᠷ ᠤᠨ ᠵᠢᠭᠠᠪᠤᠷᠢ ᠠᠪᠬᠤ ᠬᠠᠮᠢᠶ᠎ᠠ ᠪᠦᠬᠦᠢ ᠠᠰᠠᠭᠤᠳᠠᠯ ᠢ ᠰᠤᠳᠤᠯᠵᠤ᠂ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠴᠤ᠂ ᠬᠤᠰᠢᠭᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃     ︵ᠳᠥᠷᠪᠡ︶ ᠬᠤᠰᠢᠭᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ ᠂ ᠬᠤᠰᠢᠭᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠭᠤᠷᠣᠨᠳᠣᠬᠢ ᠴᠢᠬᠤᠯᠠ ᠠᠰᠠᠭᠤᠳᠠᠯ ᠢ ᠵᠣᠬᠢᠴᠠᠭᠤᠯᠵᠤ᠂ ᠬᠤᠰᠢᠭᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠦᠨ ᠲᠣᠭᠲᠠᠭᠠᠯᠭᠠᠨ᠎ᠠ᠃     ︵ᠲᠠᠪᠤ︶ ᠬᠤᠰᠢᠭᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠣᠨ ᠡᠯ᠎ᠡ ᠰᠢᠶᠠᠩ ᠪᠠᠯᠭᠠᠰᠤ᠂ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠬᠤᠰᠢᠭᠤᠨ ᠵᠠᠰᠠᠭ ᠤᠨ ᠣᠷᠳᠣᠨ ᠤ ᠠᠯᠪᠠᠨ ᠪᠢᠴᠢᠭ᠂ ᠬᠤᠷᠠᠯ ᠢᠶᠠᠷ ᠲᠣᠭᠲᠠᠭᠠᠭᠰᠠᠨ ᠵᠦᠢᠯᠡᠰ ᠵᠢᠴᠢ ᠤᠳᠤᠷᠢᠳᠬᠤ ᠨᠥᠬᠦᠳ ᠤᠨ ᠬᠠᠮᠢᠶ᠎ᠠ ᠪᠦᠬᠦᠢ ᠵᠢᠭᠠᠪᠤᠷᠢ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠬᠤ ᠶᠢᠨ ᠬᠠᠮᠲᠤ ᠮᠥᠷᠳᠡᠨ ᠪᠠᠶᠢᠴᠠᠭᠠᠨ ᠰᠤᠳᠤᠯᠵᠤ᠂ ᠴᠠᠭ ᠲᠤᠬᠠᠢ ᠳᠤᠨᠢ ᠬᠤᠰᠢᠭᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦ ‍ᠯᠦᠨ᠎ᠡ       ︵ᠵᠢᠷᠭᠤᠭ᠎ᠠ︶ ᠬᠤᠰᠢᠭᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠰᠢᠭᠤᠨ ᠵᠠᠰᠠᠭ ᠤᠨ ᠣᠷᠳᠣᠨ ᠤ ᠰᠢᠭᠤᠳ ᠰᠢᠢᠳᠪᠦᠷᠢᠯᠡᠬᠦ ᠴᠢᠬᠤᠯᠠᠲᠠᠢ ᠭᠡᠨᠡᠳᠲᠡ ᠶᠢᠨ ᠬᠡᠷᠡᠭ ᠪᠠ ᠴᠢᠬᠤᠯᠠ ᠶᠡᠭᠡ ᠬᠡᠷᠡᠭ ᠢ ᠰᠢᠢᠳᠪᠦᠷᠢᠯᠡᠨ᠎ᠡ᠃     ︵ᠳᠣᠯᠤᠭ᠎ᠠ︶ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠵᠢᠴᠢ  ᠤᠳᠤᠷᠢᠳᠬᠤ ᠨᠥᠬᠦᠳ ᠲᠤ ᠣᠯᠠᠨ ᠲᠦᠮᠡᠨ ᠤ ᠢᠷᠡᠭᠦᠯᠦᠭᠰᠡᠨ ᠵᠠᠬᠢᠳᠠᠯ᠂ ᠢᠷᠡᠭᠦᠯᠦᠭᠰᠡᠨ ᠴᠠᠬᠢᠯᠭᠠᠨ᠂ ᠰᠣᠷᠪᠤᠯᠵᠢᠯᠠᠭ᠎ᠠ ᠶᠢᠨ ᠳᠤᠮᠳᠠᠬᠢ ᠴᠢᠬᠤᠯᠠ ᠰᠠᠨᠠᠭᠤᠯᠭ᠎ᠠ᠂ ᠰᠠᠨᠠᠯ ᠪᠠ ᠠᠰᠠᠭᠤᠳᠠᠯ ᠢ ᠲᠤᠰᠬᠠᠬᠤ ᠶᠢ ᠬᠠᠷᠢᠭᠤᠴᠠᠨ᠎ᠠ᠃ ᠠᠷᠠᠳ ᠢᠷᠭᠡᠨ᠂ ᠬᠠᠤᠯᠢ ᠶᠢᠨ ᠡᠷᠬᠡᠲᠡᠨ ᠵᠢᠴᠢ ᠪᠤᠰᠤᠳ ᠵᠣᠬᠢᠶᠠᠨ ᠪᠠᠶᠢᠭᠤᠯᠤᠯᠲᠠ  ᠠᠴᠠ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠢᠷᠡᠭᠦᠯᠦᠭᠰᠡᠨ ᠵᠠᠬᠢᠳᠠᠯ᠂ ᠤᠲᠠᠰᠤ ︵ᠡᠯᠧᠺᠲᠷᠣᠨ ᠰᠢᠤᠳᠠᠨ ᠤ ᠵᠦᠢᠯ᠂ ᠤᠲᠠᠰᠤ᠂ ᠹᠠᠺᠰ ᠵᠡᠷᠭᠡ︶ ᠶᠢ ᠰᠢᠢᠳᠪᠦᠷᠢᠯᠡᠵᠦ᠂ ᠣᠯᠠᠨ ᠲᠦᠮᠡᠨ ᠤ ᠰᠣᠷᠪᠤᠯᠵᠢᠯᠠᠭ᠎ᠠ ᠶᠢ ᠭᠥᠯᠢᠶᠡᠨ ᠠᠪᠤᠨ᠎ᠠ᠃     ︵ᠨᠠᠢᠮᠠ︶ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ᠬᠡᠷᠡᠭᠵᠢᠭᠦᠯᠬᠦ ᠲᠥᠰᠥᠯ ᠢ ᠰᠤᠳᠤᠯᠤᠨ ᠲᠤᠭᠤᠷᠪᠢᠨ᠎ᠠ ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠲᠦᠯᠬᠢᠨ ᠠᠬᠢᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠵᠢᠯᠣᠭᠤᠳᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠵᠢᠴᠢ ᠬᠠᠷᠢᠶ᠎ᠠ ᠰᠠᠯᠠᠭ᠎ᠠ ᠮᠥᠴᠢᠷ ᠤᠨ ᠬᠠᠤᠯᠢ  ᠠᠴᠠ ᠵᠥᠷᠢᠴᠡᠭᠰᠡᠨ ᠪᠤᠶᠤ ᠵᠣᠬᠢᠰ ᠦᠭᠡᠢ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠵᠠᠯᠠᠷᠠᠭᠤᠯᠤᠨ᠎ᠠ ᠰᠠᠯᠠᠭ᠎ᠠ ᠮᠥᠴᠢᠷ ᠤᠨ ᠬᠤᠭᠤᠷᠣᠨᠳᠣᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠠᠷᠭᠤᠯᠳᠤᠭᠠᠨ ᠢ ᠵᠣᠬᠢᠴᠠᠭᠤᠯᠬᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠮᠠᠭᠠᠳᠯᠠᠨ ᠲᠣᠭᠲᠠᠭᠠᠬᠤ ᠠᠵᠢᠯ ᠢ ᠳᠠᠭᠠᠭᠠᠨ ᠭᠦᠢᠴᠡᠳᠬᠡᠨ᠎ᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠡᠭᠦᠷᠭᠡᠯᠡᠵᠦ᠂ ᠪᠥᠬᠦ ᠬᠤᠰᠢᠭᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠵᠠᠷᠭᠤ ᠬᠦᠯᠢᠶᠡᠬᠦ ᠠᠵᠢᠯ ᠢ ᠵᠢᠯᠣᠭᠤᠳᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠭᠡᠷ ᠤᠨ ᠵᠣᠬᠢᠶᠠᠵᠤ ᠲᠠᠷᠬᠠᠭᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠤᠷᠢᠳᠠᠴᠢ ᠬᠠᠤᠯᠢ ᠴᠠᠭᠠᠵᠠ ᠶᠢᠨ ᠬᠢᠨᠠᠨ ᠬᠠᠷᠭᠤᠭᠤᠯᠤᠯᠲᠠ ᠬᠢᠨ᠎ᠡ ᠃ ᠪᠥᠬᠦ ᠬᠤᠰᠢᠭᠤᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ ᠵᠢᠯᠣᠭᠤᠳᠤᠨ᠎ᠠ᠃    ︵ᠶᠢᠰᠦ︶ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠬᠤ ᠶᠢ ᠬᠠᠷᠢᠭᠤᠴᠠᠨ᠎ᠠ᠃     ︵ᠠᠷᠪᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠬᠠᠷᠢᠭᠤᠴᠠᠵᠤ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠮᠢᠶᠠᠷᠴᠤ᠂ ᠰᠢᠮᠳᠠᠭᠤᠯᠬᠤ ᠪᠠ ᠪᠠᠶᠢᠴᠠᠭᠠᠨ᠎ᠠ᠃     ︵ᠠᠷᠪᠠᠨ ᠨᠢᠭᠡ︶ ᠬᠤᠰᠢᠭᠤᠨ ᠵᠠᠰᠠᠭ ᠤᠨ ᠣᠷᠳᠣᠨ ᠤ ᠵᠢᠵᠢᠭᠦᠷᠯᠡᠬᠦ ᠠᠵᠢᠯ ᠢ ᠬᠠᠷᠢᠭᠤᠴᠠᠵᠤ᠂ ᠴᠠᠭ ᠲᠤᠬᠠᠢ ᠳᠤᠨᠢ ᠬᠤᠰᠢᠭᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠢᠬᠤᠯᠠ ᠪᠠᠶᠢᠳᠠᠯ ᠢ ᠮᠡᠳᠡᠭᠦᠯᠵᠦ᠂ ᠡᠯ᠎ᠡ ᠰᠠᠯᠠᠭ᠎ᠠ ᠮᠥᠴᠢᠷ ᠪᠣᠯᠣᠨ ᠡᠯ᠎ᠡ ᠰᠢᠶᠠᠩ ᠪᠠᠯᠭᠠᠰᠤ᠂ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠬᠤᠰᠢᠭᠤᠨ ᠵᠠᠰᠠᠭ ᠤᠨ ᠣᠷᠳᠣᠨ ᠳᠤ ᠲᠤᠰᠬᠠᠭᠰᠠᠨ ᠴᠢᠬᠤᠯᠠ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃     ︵ᠠᠷᠪᠠᠨ ᠬᠤᠶᠠᠷ︶ ᠬᠤᠰᠢᠭᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠭ᠎ᠠ ᠶᠢᠨ ᠳᠣᠲᠣᠭᠠᠳᠤ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠬᠡᠪ ᠤᠨ ᠠᠵᠢᠯ ᠤᠨ ᠡᠮᠬᠢ ᠳᠢᠭᠯᠢᠮ ᠢ ᠬᠠᠮᠠᠭᠠᠯᠠᠨ᠎ᠠ᠃    ︵ᠠᠷᠪᠠᠨ ᠭᠤᠷᠪᠠ︶ ᠬᠤᠰᠢᠭᠤᠨ ᠰᠢᠭᠤᠳ ᠬᠠᠷᠢᠶ᠎ᠠ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠲᠡᠷᠭᠡ ᠬᠥᠰᠬᠡ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠰᠢᠶᠠᠩ ᠪᠠᠯᠭᠠᠰᠤ᠂ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠲᠡᠷᠭᠡ ᠬᠥᠰᠬᠡ ᠣᠷᠣᠨ ᠲᠤᠭ᠎ᠠ ᠶᠢᠨ ᠠᠵᠢᠯ ᠢ ᠵᠢᠯᠣᠭᠤᠳᠤᠨ᠎ᠠ᠃    ︵ᠠᠷᠪᠠᠨ ᠳᠥᠷᠪᠡ︶ ᠪᠥᠬᠦ ᠬᠤᠰᠢᠭᠤᠨ ᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ᠂ ᠤᠷᠢᠳᠴᠢᠯᠠᠨ ᠰᠡᠷᠡᠮᠵᠢᠯᠡᠭᠦᠯᠬᠦ ᠪᠠ ᠵᠣᠬᠢᠶᠠᠨ ᠪᠠᠶᠢᠭᠤᠯᠵᠤ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃     ︵ᠠᠷᠪᠠᠨ ᠲᠠᠪᠤ︶ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃ᠭᠤᠷᠪᠠ᠂ ᠳᠣᠲᠣᠭᠠᠳᠤ ᠪᠠᠶᠢᠭᠤᠯᠤᠮᠵᠢ     ᠳᠡᠭᠡᠷ᠎ᠡ ᠳᠤᠷᠠᠳᠤᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠳᠣᠲᠣᠭᠠᠳᠤ ᠳᠠᠭᠠᠨ 5 ᠪᠠᠶᠢᠭᠤᠯᠤᠮᠵᠢ ᠲᠣᠬᠢᠷᠠᠭᠤᠯᠤᠨ᠎ᠠ᠄     ︵ᠨᠢᠭᠡ︶ ᠰᠢᠮᠳᠠᠭᠤᠯᠤᠨ ᠪᠠᠶᠢᠴᠠᠭᠠᠬᠤ ᠭᠡᠷ      ᠬᠤᠰᠢᠭᠤᠨ ᠵᠠᠰᠠᠭ ᠤᠨ ᠣᠷᠳᠣᠨ ᠤ ᠴᠢᠬᠤᠯᠠ ᠪᠢᠴᠢᠭ ᠮᠠᠲ᠋ᠧᠷᠢᠶᠠᠯ᠂ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠵᠢᠴᠢ ᠬᠤᠰᠢᠭᠤᠨ ᠤᠳᠤᠷᠢᠳᠬᠤ ᠨᠥᠬᠦᠳ ᠤᠨ ᠴᠢᠬᠤᠯᠠ ᠵᠢᠭᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠪᠠᠶᠢᠴᠠᠭᠠᠨ᠎ᠠ ᠃ ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠤ ᠲᠤᠰᠢᠶᠠᠭᠰᠠᠨ ᠬᠡᠷᠡᠭ ᠶᠠᠪᠤᠳᠠᠯ ᠢ ᠳᠠᠭᠠᠭᠠᠨ ᠭᠦᠢᠴᠡᠳᠬᠡᠵᠦ᠂ ᠬᠤᠰᠢᠭᠤᠨ ᠵᠠᠰᠠᠭ ᠤᠨ ᠣᠷᠳᠣᠨ ᠤ ᠰᠢᠰᠲ᠋ᠧᠮ ᠤᠨ ᠭᠦᠢᠴᠡᠳᠬᠡᠭᠰᠡᠨ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢᠨ ᠠᠵᠢᠯ ᠢ ᠬᠠᠷᠢᠭᠤᠴᠠᠨ᠎ᠠ ᠃ ᠬᠠᠷᠢᠯᠴᠠᠬᠤ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠵᠡᠷᠭᠡ ᠲᠠᠯ᠎ᠠ ᠶᠢᠨ ᠠᠵᠢᠯ ᠲᠠᠢ ᠬᠤᠯᠪᠣᠭᠳᠠᠨ᠎ᠠ᠃      ︵ᠬᠤᠶᠠᠷ︶ ᠬᠠᠤᠯᠢ ᠳᠦᠷᠢᠮ ᠤᠨ ᠠᠵᠢᠯ ᠤᠨ ᠠᠯᠪᠠᠨ ᠭᠡᠷ      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠡᠭᠦᠷᠭᠡᠯᠡᠵᠦ᠂ ᠪᠥᠬᠦ ᠬᠤᠰᠢᠭᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠵᠠᠷᠭᠤ ᠬᠦᠯᠢᠶᠡᠬᠦ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠵᠢᠴᠢ ᠬᠠᠷᠢᠴᠠᠩᠭᠤᠢ ᠲᠥᠪᠯᠡᠷᠡᠭᠦᠯᠦᠨ ᠰᠢᠳᠬᠡᠬᠦ ᠡᠷᠬᠡ ᠪᠠ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠥᠷᠨᠢᠭᠦᠯᠦᠨ᠎ᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ᠬᠡᠷᠡᠭᠵᠢᠭᠦᠯᠬᠦ ᠲᠥᠰᠥᠯ ᠢ ᠰᠤᠳᠤᠯᠤᠨ ᠲᠤᠭᠤᠷᠪᠢᠨ᠎ᠠ ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠲᠦᠯᠬᠢᠨ ᠠᠬᠢᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠵᠢᠯᠣᠭᠤᠳᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠵᠢᠴᠢ ᠬᠠᠷᠢᠶ᠎ᠠ ᠰᠠᠯᠠᠭ᠎ᠠ ᠮᠥᠴᠢᠷ ᠤᠨ ᠬᠠᠤᠯᠢ  ᠠᠴᠠ ᠵᠥᠷᠢᠴᠡᠭᠰᠡᠨ ᠪᠤᠶᠤ ᠵᠣᠬᠢᠰ ᠦᠭᠡᠢ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠵᠠᠯᠠᠷᠠᠭᠤᠯᠤᠨ᠎ᠠ ᠰᠠᠯᠠᠭ᠎ᠠ ᠮᠥᠴᠢᠷ ᠤᠨ ᠬᠤᠭᠤᠷᠣᠨᠳᠣᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠠᠷᠭᠤᠯᠳᠤᠭᠠᠨ ᠢ ᠵᠣᠬᠢᠴᠠᠭᠤᠯᠬᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠮᠠᠭᠠᠳᠯᠠᠨ ᠲᠣᠭᠲᠠᠭᠠᠬᠤ ᠠᠵᠢᠯ ᠢ ᠳᠠᠭᠠᠭᠠᠨ ᠭᠦᠢᠴᠡᠳᠬᠡᠨ᠎ᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠭᠡᠷ ᠤᠨ ᠲᠤᠭᠤᠷᠪᠢᠵᠤ ᠲᠠᠷᠬᠠᠭᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠡᠬᠡ ᠨᠣᠣᠷᠠᠭ ᠲᠤ ᠬᠠᠤᠯᠢ ᠴᠠᠭᠠᠵᠠ ᠶᠢᠨ ᠤᠷᠢᠳᠴᠢᠯᠠᠭᠰᠠᠨ ᠬᠢᠨᠠᠨ ᠬᠠᠷᠭᠤᠭᠤᠯᠤᠯᠲᠠ ᠬᠢᠨ᠎ᠡ ᠃ ᠪᠥᠬᠦ ᠬᠤᠰᠢᠭᠤᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ ᠵᠢᠯᠣᠭᠤᠳᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠ ᠴᠢᠬᠤᠯᠠ ᠶᠡᠭᠡ ᠵᠠᠰᠠᠭ ᠵᠠᠬᠢᠷᠭᠠᠨ ᠤ ᠠᠵᠢᠯᠯᠠᠭ᠎ᠠ ᠳᠤ ᠬᠠᠤᠯᠢ ᠴᠠᠭᠠᠵᠠ ᠶᠢᠨ ᠨᠤᠲᠠᠯᠠᠯᠲᠠ ᠬᠢᠵᠦ᠂ ᠬᠠᠤᠯᠢ ᠴᠠᠭᠠᠵᠠ ᠶᠢᠨ ᠯᠠᠪᠯᠠᠯᠲᠠ ᠬᠠᠩᠭᠠᠨ᠎ᠠ ᠃ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠬᠦᠨᠳᠦ ᠶᠡᠭᠡ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢᠨ ᠦᠢᠯᠡᠴᠢᠯᠡᠭᠡ ᠪᠥᠬᠦ ᠬᠤᠰᠢᠭᠤᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠤᠬᠠᠭᠤᠯᠭ᠎ᠠ᠂ ᠬᠠᠤᠯᠢ ᠳᠦᠷᠢᠮ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ ᠃ ᠵᠠᠰᠠᠭ ᠤᠨ ᠣᠷᠳᠣᠨ ᠤ ᠬᠠᠤᠯᠢ ᠳᠦᠷᠢᠮ ᠤᠨ ᠤᠨᠤᠯ ᠤᠨ ᠰᠤᠳᠤᠯᠭᠠᠨ ᠪᠠ ᠰᠣᠯᠢᠯᠴᠠᠭᠠᠨ ᠤ ᠠᠵᠢᠯ ᠢ ᠥᠷᠨᠢᠭᠦᠯᠦᠨ᠎ᠡ᠃     ︵ᠭᠤᠷᠪᠠ︶ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ     ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠰᠢᠭᠤᠨ ᠤ ᠨᠠᠮ ᠤᠨ ᠬᠤᠷᠢᠶ᠎ᠠ ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠥᠪᠰᠢᠶᠡᠷᠡᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠲᠤᠰᠢᠶᠠᠨ ᠰᠢᠢᠳᠪᠦᠷᠢᠯᠡᠭᠦᠯᠬᠦ᠂ ᠰᠢᠪᠠᠳᠠᠨ ᠰᠢᠢᠳᠪᠦᠷᠢᠯᠡᠭᠦᠯᠬᠦ᠂ ᠬᠡᠷᠡᠭ ᠢ ᠳᠠᠭᠤᠰᠬᠠᠬᠤ ᠵᠡᠷᠭᠡ ᠠᠵᠢᠯ ᠢ ᠳᠠᠭᠠᠭᠠᠨ ᠭᠦᠢᠴᠡᠳᠬᠡᠨ᠎ᠡ ᠃ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠠᠷᠠᠳ ᠤᠨ ᠪᠦᠯᠬᠦᠮ ᠵᠢᠴᠢ ᠡᠯ᠎ᠡ ᠰᠢᠶᠠᠩ ᠪᠠᠯᠭᠠᠰᠤ᠂ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠲᠤ ᠣᠯᠠᠨ ᠲᠦᠮᠡᠨ ᠤ ᠢᠷᠡᠭᠦᠯᠦᠭᠰᠡᠨ ᠵᠠᠬᠢᠳᠠᠯ᠂ ᠢᠷᠡᠭᠦᠯᠦᠭᠰᠡᠨ ᠤᠲᠠᠰᠤ᠂ ᠰᠣᠷᠪᠤᠯᠵᠢᠯᠠᠭ᠎ᠠ ᠶᠢᠨ ᠳᠤᠮᠳᠠ ᠳᠤᠷᠠᠳᠤᠭᠰᠠᠨ ᠴᠢᠬᠤᠯᠠ ᠰᠠᠨᠠᠭᠤᠯᠭ᠎ᠠ᠂ ᠰᠠᠨᠠᠯ ᠪᠠ ᠠᠰᠠᠭᠤᠳᠠᠯ ᠢ ᠲᠤᠰᠬᠠᠬᠤ ᠶᠢ ᠬᠠᠷᠢᠭᠤᠴᠠᠨ᠎ᠠ ᠃ ᠠᠷᠠᠳ ᠢᠷᠭᠡᠨ᠂ ᠬᠠᠤᠯᠢ ᠶᠢᠨ ᠡᠷᠬᠡᠲᠡᠨ ᠵᠢᠴᠢ ᠪᠤᠰᠤᠳ ᠵᠣᠬᠢᠶᠠᠨ ᠪᠠᠶᠢᠭᠤᠯᠤᠯᠲᠠ  ᠠᠴᠠ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠢᠷᠡᠭᠦᠯᠦᠭᠰᠡᠨ ᠵᠠᠬᠢᠳᠠᠯ᠂ ᠤᠲᠠᠰᠤ ︵ᠡᠯᠧᠺᠲᠷᠣᠨ ᠰᠢᠤᠳᠠᠨ ᠤ ᠵᠦᠢᠯ᠂ ᠤᠲᠠᠰᠤ᠂ ᠹᠠᠺᠰ︶ ᠶᠢ ᠰᠢᠢᠳᠪᠦᠷᠢᠯᠡᠵᠦ᠂ ᠣᠯᠠᠨ ᠲᠦᠮᠡᠨ ᠤ ᠰᠣᠷᠪᠤᠯᠵᠢᠯᠠᠭ᠎ᠠ ᠶᠢ ᠭᠥᠯᠢᠶᠡᠨ ᠠᠪᠤᠨ᠎ᠠ᠃ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠤᠨ ᠵᠢᠯᠤᠭᠤᠳᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠲᠤᠭᠤᠷᠪᠢᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠵᠢᠷᠠᠭᠤᠯᠬᠤ ᠪᠠ ᠴᠢᠩᠭᠠᠳᠬᠠᠬᠤ ᠰᠠᠨᠠᠯ ᠰᠠᠨᠠᠭᠤᠯᠭ᠎ᠠ ᠳᠤᠷᠠᠳᠤᠨ᠎ᠠ᠃ ᠳᠡᠭᠡᠳᠦ ᠱᠠᠲᠤᠨ ᠤ ᠤᠳᠤᠷᠢᠳᠬᠤ ᠨᠥᠬᠦᠳ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠬᠤ᠂ ᠬᠢᠨᠠᠨ ᠵᠢᠯᠤᠭᠤᠳᠬᠤ᠂ ᠰᠢᠢᠳᠪᠦᠷᠢᠯᠡᠬᠦ ᠶᠢ ᠬᠠᠷᠢᠭᠤᠴᠠᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ ᠃ ᠰᠤᠮᠤ ᠪᠠᠯᠭᠠᠰᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠯᠵᠢᠭᠦᠯᠦᠨ ᠰᠢᠢᠳᠪᠦᠷᠢᠯᠡᠭᠦᠯᠬᠦ᠂ ᠲᠤᠰᠢᠶᠠᠨ ᠰᠢᠢᠳᠪᠦᠷᠢᠯᠡᠭᠦᠯᠬᠦ ᠶᠢ ᠬᠠᠷᠢᠭᠤᠴᠠᠵᠤ᠂ ᠴᠢᠬᠤᠯᠠ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠪᠠ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠪᠠᠳᠠᠨ ᠪᠠᠶᠢᠴᠠᠭᠠᠨ᠎ᠠ᠃ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠵᠢᠴᠢ ᠣᠯᠠᠨ ᠲᠦᠮᠡᠨᠴᠢ ᠴᠢᠨᠠᠷᠲᠠᠢ ᠬᠡᠷᠡᠭ ᠢ ᠰᠢᠢᠳᠪᠦᠷᠢᠯᠡᠬᠦ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠪᠣᠳᠠᠲᠠᠢ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠬᠠᠮᠲᠤᠯᠢᠭ ᠤᠨ ᠴᠢᠨᠠᠷᠲᠠᠢ ᠬᠠᠮᠲᠤᠷᠠᠭᠰᠠᠨ ᠬᠤᠷᠠᠯ ᠤᠨ ᠲᠣᠭᠲᠠᠭᠠᠭᠰᠠᠨ ᠵᠦᠢᠯᠡᠰ ᠢ ᠰᠢᠪᠠᠳᠠᠨ ᠨᠠᠶᠢᠳᠠᠪᠤᠷᠢᠵᠢᠭᠤᠯᠵᠤ᠂ ᠡᠯ᠎ᠡ ᠰᠢᠶᠠᠩ ᠪᠠᠯᠭᠠᠰᠤ᠂ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠵᠢᠴᠢ ᠬᠠᠮᠲᠤᠯᠢᠭ ᠤᠨ ᠴᠢᠨᠠᠷᠲᠠᠢ ᠠᠵᠢᠯ ᠢ ᠶᠡᠷᠦᠩᠬᠡᠶᠢᠯᠡᠨ ᠵᠠᠳᠠᠯᠵᠤ᠂ ᠵᠣᠬᠢᠶᠠᠨ ᠪᠠᠶᠢᠭᠤᠯᠤᠨ ᠵᠣᠬᠢᠴᠠᠭᠤᠯᠵᠤ᠂ ᠰᠢᠪᠠᠳᠠᠨ ᠪᠠᠶᠢᠴᠠᠭᠠᠵᠤ᠂ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠭᠦᠨᠵᠡᠭᠡᠢ ᠥᠷᠨᠢᠬᠦ ᠶᠢ ᠠᠬᠢᠭᠤᠯᠤᠨ᠎ᠠ᠃     ︵ᠳᠥᠷᠪᠡ︶ ᠨᠠᠷᠢᠨ ᠪᠢᠴᠢᠭᠡᠴᠢ ᠶᠢᠨ ᠲᠠᠰᠤᠭ      ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ ᠬᠤᠰᠢᠭᠤᠨ ᠵᠠᠰᠠᠭ ᠤᠨ ᠣᠷᠳᠣᠨ ᠤ ᠡᠯ᠎ᠡ ᠵᠦᠢᠯ ᠤᠨ ᠲᠣᠮᠣ ᠳᠤᠮᠳᠠ ᠬᠡᠯᠪᠡᠷᠢ ᠶᠢᠨ ᠬᠤᠷᠠᠯ ᠤᠨ ᠠᠵᠢᠯ ᠪᠠ ᠬᠤᠷᠠᠯ ᠤᠨ ᠲᠡᠮᠳᠡᠭᠯᠡᠯ᠂ ᠬᠤᠷᠠᠯ ᠤᠨ ᠲᠣᠪᠴᠢ ᠲᠡᠮᠳᠡᠭᠯᠡᠯ ᠢ ᠲᠤᠭᠤᠷᠪᠢᠬᠤ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠠᠮᠢᠶ᠎ᠠ ᠪᠦᠬᠦᠢ ᠶᠠᠷᠢᠶ᠎ᠠ ᠪᠠ ᠬᠤᠰᠢᠭᠤᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠤᠶᠤ ᠪᠤᠰᠤᠳ ᠥᠰᠥᠭ ᠪᠢᠴᠢᠭ ᠤᠨ ᠮᠠᠲ᠋ᠧᠷᠢᠶᠠᠯ ᠢ ᠲᠤᠭᠤᠷᠪᠢᠬᠤ ᠶᠢ ᠬᠠᠷᠢᠭᠤᠴᠠᠨ᠎ᠠ ᠃ ᠤᠳᠤᠷᠢᠳᠤᠯᠭ᠎ᠠ ᠶᠢ ᠬᠠᠮᠵᠢᠨ ᠡᠯ᠎ᠡ ᠰᠠᠯᠠᠭ᠎ᠠ ᠮᠥᠴᠢᠷ ᠤᠨ ᠬᠠᠷᠢᠴᠠᠭ᠎ᠠ ᠶᠢ ᠵᠣᠬᠢᠴᠠᠭᠤᠯᠵᠤ᠂ ᠤᠳᠤᠷᠢᠳᠤᠯᠭ᠎ᠠ ᠶᠢ ᠳᠠᠭᠠᠵᠤ ᠲᠤᠬᠠᠢ ᠶᠢᠨ ᠲᠠᠯᠠᠪᠤᠷ ᠲᠤ ᠠᠵᠢᠯᠯᠠᠬᠤ ᠪᠤᠶᠤ ᠦᠨᠳᠦᠰᠦᠨ ᠱᠠᠲᠤᠨ ᠳᠤ ᠣᠴᠢᠵᠤ ᠪᠠᠶᠢᠴᠠᠭᠠᠨ ᠰᠤᠳᠤᠯᠤᠯᠲᠠ ᠬᠢᠬᠦ ᠵᠡᠷᠭᠡ; ᠤᠳᠤᠷᠢᠳᠤᠯᠭ᠎ᠠ ᠶᠢᠨ ᠴᠣᠬᠤᠯᠠᠪᠤᠷᠢ ᠪᠠ ᠬᠤᠷᠠᠯ ᠤᠨ ᠲᠣᠭᠲᠠᠭᠠᠯ ᠢ ᠨᠠᠶᠢᠳᠠᠪᠤᠷᠢᠵᠢᠭᠤᠯᠬᠤ ᠵᠦᠢᠯᠡᠰ ᠢ ᠰᠢᠪᠠᠳᠠᠨ ᠭᠦᠢᠴᠡᠳᠬᠡᠭᠦᠯᠦᠨ᠎ᠡ; ᠳᠡᠭᠡᠳᠦ ᠱᠠᠲᠤᠨ ᠤ ᠵᠠᠰᠠᠭ ᠤᠨ ᠣᠷᠳᠣᠨ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠢᠷᠡᠭᠦᠯᠦᠭᠰᠡᠨ ᠴᠠᠬᠢᠯᠭᠠᠨ ᠮᠡᠳᠡᠭᠡ᠂ ᠢᠷᠡᠭᠦᠯᠦᠭᠰᠡᠨ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ; ᠮᠡᠳᠡᠭᠡ ᠵᠠᠩᠭᠢ ᠴᠤᠭᠯᠠᠭᠤᠯᠬᠤ᠂ ︽ᠵᠠᠰᠠᠭ ᠤᠨ ᠶᠠᠪᠤᠳᠠᠯ︾ ᠤᠨ ᠮᠡᠳᠡᠭᠡ ᠵᠠᠩᠭᠢ ᠶᠢ ᠨᠠᠶᠢᠷᠠᠭᠤᠯᠤᠨ ᠪᠢᠴᠢᠬᠦ ᠶᠢ ᠬᠠᠷᠢᠭᠤᠴᠠᠨ᠎ᠠ ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠭᠦᠢᠴᠡᠳᠬᠡᠨ᠎ᠡ᠃     ︵ᠲᠠᠪᠤ︶ ᠨᠢᠭᠤᠴᠠ ᠴᠢᠬᠤᠯᠠ ᠮᠡᠳᠡᠭᠡ ᠵᠠᠩᠭᠢ ᠶᠢᠨ ᠳᠠᠰᠤᠭ     ᠠᠯᠪᠠᠨ ᠪᠢᠴᠢᠭ ᠢ ᠰᠢᠢᠳᠪᠦᠷᠢᠯᠡᠵᠦ ᠳᠠᠮᠵᠢᠭᠤᠯᠬᠤ ᠠᠵᠢᠯ ᠢ ᠬᠠᠷᠢᠭᠤᠴᠠᠵᠤ᠂ ᠪᠢᠴᠢᠭ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ ᠠᠵᠢᠯ ᠢ ᠬᠠᠷᠢᠭᠤᠴᠠᠵᠤ᠂ ᠬᠤᠰᠢᠭᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠤᠨ ᠡᠬᠡ ᠪᠢᠴᠢᠭ ᠢ ᠬᠢᠨᠠᠬᠤ ᠠᠵᠢᠯ ᠢ ᠬᠠᠷᠢᠭᠤᠴᠠᠵᠤ᠂ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ ᠪᠠ ᠳᠠᠮᠵᠢᠭᠤᠯᠬᠤ ᠠᠵᠢᠯ ᠢ ᠬᠠᠷᠢᠭᠤᠴᠠᠵᠤ᠂ ᠬᠤᠰᠢᠭᠤᠨ ᠳᠣᠲᠣᠷᠠᠬᠢ ᠨᠡᠶᠢᠭᠡᠮ ᠤᠨ ᠡᠯ᠎ᠡ ᠲᠠᠯ᠎ᠠ ᠶᠢᠨ ᠪᠠᠶᠢᠳᠠᠯ ᠢ ᠴᠠᠭ ᠲᠤᠬᠠᠢ ᠳᠤᠨᠢ᠂ ᠣᠨᠣᠪᠴᠢᠲᠠᠶ ᠬᠠᠷᠢᠭᠤ ᠲᠤᠰᠬᠠᠵᠤ᠂ ᠬᠤᠰᠢᠭᠤᠨ ᠳᠣᠲᠣᠷ᠎ᠠ ᠭᠠᠳᠠᠨᠠᠬᠢ ᠡᠯ᠎ᠡ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠰᠣᠯᠢᠯᠴᠠᠭ᠎ᠠ ᠶᠢ ᠬᠠᠷᠢᠭᠤᠴᠠᠵᠤ᠂ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠳᠠᠭᠠᠭᠠᠨ ᠭᠦᠢᠴᠡᠳᠬᠡᠨ᠎ᠡ᠃ᠳᠥᠷᠪᠡ᠂ ᠠᠵᠢᠯᠲᠠᠨ ᠤ ᠣᠷᠣᠨ ᠲᠤᠭ᠎ᠠ ᠪᠠ ᠤᠳᠤᠷᠢᠳᠬᠤ ᠲᠤᠰᠢᠶᠠᠯ ᠤᠨ ᠲᠤᠭ᠎ᠠᠲᠦᠮᠡᠳ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠠᠯᠪᠠᠨ ᠭᠡᠷ ᠤᠨ ᠪᠠᠶᠢᠭᠤᠯᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 28 ᠬᠥᠮᠥᠨ ᠪᠠᠶᠢᠵᠤ᠂ ᠡᠭᠦᠨ ᠳᠤ᠄ ᠡᠷᠬᠢᠯᠡᠭᠴᠢ 1 ᠬᠥᠮᠥᠨ᠂ ᠳᠡᠳ᠋ ᠡᠷᠬᠢᠯᠡᠭᠴᠢ 6 ᠬᠥᠮᠥᠨ᠂ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 5 ᠬᠥᠮᠥᠨ ᠪᠣᠶ᠃ 17 ᠨᠡᠷᠡᠰ ᠠᠵᠢᠯ ᠤᠨ ᠦᠢᠯᠡᠴᠢᠯᠡᠭᠡᠨ ᠤ ᠣᠷᠣᠨ ᠲᠤᠭ᠎ᠠ ᠶᠢ ᠬᠢᠨᠠᠨ ᠲᠣᠭᠲᠠᠭᠠᠨ᠎ᠠ᠃ᠲᠠᠪᠤ᠂ ᠪᠤᠰᠤᠳ ᠵᠦᠢᠯ ᠤᠳ     ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃ᠵᠢᠷᠭᠤᠭ᠎ᠠ᠂ ᠳᠠᠭᠠᠯᠳᠤᠭᠤᠯᠤᠭᠰᠠᠨ ᠳᠦᠷᠢᠮ     ᠲᠣᠰ ᠲᠣᠭᠲᠠᠭᠠᠯ ᠢ ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠤ ᠲᠣᠬᠢᠷᠠᠭᠤᠯᠤᠯᠲᠠ ᠶᠢ ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃     ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ ᠵᠡᠭᠡᠯᠢ ᠶᠢᠨ ᠬᠤᠶᠢᠲᠤ ᠲᠠᠯ᠎ᠠ ᠶᠢᠨ ᠨᠠᠮ ᠵᠠᠰᠠᠭ ᠤᠨ ᠠᠯᠪᠠᠨ ᠠᠰᠠᠷ ᠤᠨ 6 ᠳ᠋ᠤᠭᠠᠷ ᠳᠡᠭᠲᠡᠷ      ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 ︱ 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶     ᠬᠠᠷᠢᠯᠴᠠᠬᠤ ᠤᠲᠠᠰᠤ᠄ 0471-8152231     ᠬᠠᠷᠢᠭᠤᠴᠠᠯᠭᠠᠲᠠᠨ᠄ ᠮᠠ ᠸᠧᠢ ᡁᠢ 
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号