ᠲᠦᠮᠡᠳ ᠵᠡᠭᠦᠨ ᠬᠤᠰᠢᠭᠤᠨ ᠤ 2024 ᠣᠨ ᠤ ᠶᠢᠨ ᠬᠤᠸ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢᠨ ᠪᠠᠶᠢᠳᠠᠯ ᠢ ᠵᠠᠷᠯᠠᠨ ᠨᠡᠶᠢᠲᠡᠯᠡᠬᠦ
ᠨᠡᠶᠢᠲᠡᠯᠡᠭᠰᠡᠨ ᠴᠠᠭ᠄
2024/3/13
      ᠬᠤᠲᠠ ᠪᠠᠯᠭᠠᠰᠤ ᠶᠢᠨ ᠬᠠᠭᠤᠴᠢᠨ ᠪᠠ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠨ᠂ ᠬᠤᠲᠠ ᠪᠠᠯᠭᠠᠰᠤ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠬᠤᠲᠠ ᠪᠠᠯᠭᠠᠰᠤ ᠶᠢᠨ ᠦᠷᠭᠦᠯᠵᠢᠯᠡᠬᠦ ᠪᠠ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢᠨ ᠲᠤᠰᠠᠳᠠ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠦᠨᠡᠨᠬᠦ ᠨᠡᠮᠡᠭᠳᠡᠭᠦᠯᠦᠨ᠎ᠡ᠃ ᠳᠡᠭᠡᠳᠦ ᠱᠠᠲᠤᠨ ᠤ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠤᠬᠠᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2024 ᠣᠨ ᠤ ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠡᠭᠦᠷᠭᠡ ᠪᠠ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠭᠤᠴᠢᠨ ᠵᠢᠵᠢᠭ ᠲᠣᠭᠤᠷᠢᠭ ᠢ ᠪᠦᠲᠦᠭᠡᠨ ᠪᠠᠶᠢᠭᠤᠯᠤᠭᠰᠠᠨ ᠵᠢᠯ ᠬᠤᠭᠤᠴᠠᠭ᠎ᠠ᠂ ᠡᠪᠳᠡᠷᠡᠵᠦ ᠰᠦᠢᠳᠦᠭᠰᠡᠨ ᠬᠡᠮᠵᠢᠶ᠎ᠡ ᠪᠠᠷ ᠵᠢᠯ ᠬᠤᠪᠢᠶᠠᠨ ᠥᠭᠡᠷᠡᠴᠢᠯᠡᠨ ᠪᠠᠶᠢᠭᠤᠯᠤᠨ᠎ᠠ᠃ ᠡᠳᠦᠭᠡ ᠲᠦᠮᠡᠳ ᠵᠡᠭᠦᠨ ᠬᠤᠰᠢᠭᠤᠨ ᠤ 2024 ᠣᠨ ᠤ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢᠨ ᠪᠠᠶᠢᠳᠠᠯ ᠢ ᠳᠣᠣᠷᠠᠬᠢ ᠮᠡᠲᠦ ᠨᠡᠶᠢᠲᠡᠯᠡᠶ᠎ᠡ᠄      ᠨᠢᠭᠡ᠂ ᠦᠨᠳᠦᠰᠦᠨ ᠪᠠᠶᠢᠳᠠᠯ ᠪᠠ ᠥᠭᠡᠷᠡᠴᠢᠯᠡᠬᠦ ᠠᠭᠤᠯᠭ᠎ᠠ᠄ ᠲᠦᠮᠡᠳ ᠵᠡᠭᠦᠨ ᠬᠤᠰᠢᠭᠤᠨ ᠤ ᠶᠢᠨ ᠬᠤᠸ ᠣᠷᠣᠨ ᠪᠦᠰᠡ ᠶᠢᠨ ᠦᠢᠯᠡᠴᠢᠯᠡᠭᠡᠨ ᠤ ᠲᠥᠪ 2 ᠵᠢᠵᠢᠭ ᠲᠣᠭᠤᠷᠢᠭ ᠢ ᠥᠭᠡᠷᠡᠴᠢᠯᠡᠬᠦ ᠪᠠᠷ ᠲᠥᠯᠥᠪᠯᠡᠵᠦ᠂ ᠥᠭᠡᠷᠡᠴᠢᠯᠡᠬᠦ ᠲᠠᠯᠠᠪᠠᠶ ᠨᠢ 5.42 ᠲᠦᠮᠡᠨ ᠲᠡᠭᠰᠢ ᠳᠥᠷᠪᠡᠯᠵᠢᠨ ᠮᠧᠲᠷ᠂ ᠥᠭᠡᠷᠡᠴᠢᠯᠡᠬᠦ ᠡᠷᠦᠬᠡ ᠶᠢᠨ ᠲᠤᠭ᠎ᠠ ᠨᠢ 617 ᠡᠷᠦᠬᠡ᠂ ᠥᠭᠡᠷᠡᠴᠢᠯᠡᠬᠦ ᠲᠥᠰᠥᠪ ᠤᠨ ᠪᠡᠯᠡ ᠮᠥᠩᠭᠦ ᠨᠢ 2945.33 ᠲᠦᠮᠡᠨ ᠲᠥᠭᠦᠷᠢᠭ ᠪᠣᠯᠣᠨ᠎ᠠ᠃     2024 ᠣᠨ ᠳᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢᠨ ᠲᠦᠷᠦᠯ ᠵᠦᠢᠯ ᠢ ᠰᠠᠭᠤᠷᠢ ᠲᠦᠷᠦᠯ ᠪᠠ ᠡᠨᠧᠷᠭᠢ ᠠᠷᠪᠢᠯᠠᠬᠤ ᠲᠦᠷᠦᠯ ᠭᠡᠵᠦ ᠬᠤᠪᠢᠶᠠᠨ᠎ᠠ᠃ ᠰᠠᠭᠤᠷᠢ ᠲᠥᠷᠥᠯ ᠤᠨ ᠬᠡᠰᠡᠭ  ᠤᠨ ᠭᠤᠣᠯ ᠥᠭᠡᠷᠡᠴᠢᠯᠡᠯᠲᠡ ᠶᠢᠨ ᠠᠭᠤᠯᠭ᠎ᠠ ᠪᠣᠯ᠄ ᠤᠰᠤ ᠬᠠᠩᠭᠠᠬᠤ ᠤᠰᠤ ᠵᠠᠯᠠᠬᠤ ᠬᠤᠭᠤᠯᠠᠢ ᠶᠢᠨ ᠲᠣᠣᠷ᠂ ᠢᠯᠴᠢ ᠬᠠᠩᠭᠠᠬᠤ ᠬᠤᠭᠤᠯᠠᠢ ᠶᠢᠨ ᠲᠣᠣᠷ᠂ ᠬᠤᠶᠠᠳᠠᠭᠢ ᠤᠳᠠᠭ᠎ᠠ ᠤᠰᠤ ᠬᠠᠩᠭᠠᠬᠤ᠂ ᠬᠦᠷᠢᠶᠡᠨ  ᠤ ᠭᠠᠳᠠᠷᠭᠤ ᠶᠢ ᠨᠣᠭᠤᠭᠠᠷᠠᠭᠤᠯᠤᠨ ᠬᠠᠲᠠᠭᠤᠷᠠᠭᠤᠯᠬᠤ᠂ ᠵᠠᠮ ᠢ ᠥᠭᠡᠷᠡᠴᠢᠯᠡᠬᠦ᠂ ᠴᠢᠩᠭ᠎ᠠ ᠰᠤᠯᠠ ᠪᠠᠷ ᠴᠠᠬᠢᠯᠭᠠᠨ ᠣᠷᠣᠭᠤᠯᠬᠤ ᠭᠠᠵᠠᠷ᠂ ᠪᠠᠭ᠎ᠠ ᠲᠣᠭᠤᠷᠢᠭ  ᠤᠨ ᠶᠡᠭᠡ ᠡᠭᠦᠳᠡ ᠶᠢ ᠥᠭᠡᠷᠡᠴᠢᠯᠡᠬᠦ᠂ ᠳᠤᠭᠤᠢ ᠲᠡᠷᠭᠡᠨ ᠤ ᠫᠧᠩ ᠢ ᠥᠭᠡᠷᠡᠴᠢᠯᠡᠬᠦ ᠵᠡᠷᠭᠡ ᠪᠣᠯᠣᠨ᠎ᠠ᠃ ᠡᠨᠧᠷᠭᠢ ᠠᠷᠪᠢᠯᠠᠬᠤ ᠲᠥᠷᠥᠯ ᠤᠨ ᠬᠡᠰᠡᠭ ᠲᠤ ᠭᠤᠣᠯᠳᠠᠭᠤ᠄ ᠴᠣᠩᠬᠤ ᠶᠢ ᠰᠣᠯᠢᠬᠤ᠂ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ᠂ ᠭᠠᠳᠠᠷ ᠬᠡᠷᠡᠮ ᠤᠨ ᠰᠢᠷ ᠢ ᠰᠢᠷᠳᠡᠬᠦ᠂ ᠭᠡᠷ ᠤᠨ ᠨᠢᠭᠤᠷ ᠤᠨ ᠪᠠᠷᠢᠯᠭ᠎ᠠ᠂ ᠠᠰᠠᠷ ᠤᠨ ᠵᠠᠮ ᠤᠨ ᠡᠭᠦᠳᠡ ᠶᠢ ᠰᠣᠯᠢᠬᠤ ᠵᠡᠷᠭᠡ ᠠᠭᠤᠯᠭ᠎ᠠ ᠶᠢ ᠥᠭᠡᠷᠡᠴᠢᠯᠡᠨ᠎ᠡ᠃     ᠬᠤᠶᠠᠷ᠂ ᠪᠠᠭ᠎ᠠ ᠲᠣᠭᠤᠷᠢᠭ ᠢ ᠥᠭᠡᠷᠡᠴᠢᠯᠡᠬᠦ᠄     ᠲᠦᠮᠡᠳ ᠵᠡᠭᠦᠨ ᠬᠤᠰᠢᠭᠤᠨ ᠤ ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠶᠢᠨ ᠬᠠᠢ ᠡᠳ᠋ᠯᠡᠩ᠂ ᠯᠢ ᠶᠤᠸᠠᠨ ᠨᠡᠷᠡᠨ ᠤ ᠭᠡᠷᠡᠯ᠃     ᠭᠤᠷᠪᠠ᠂ ᠥᠭᠡᠷᠡᠴᠢᠯᠡᠬᠦ ᠴᠠᠭ᠄ 2024 ᠣᠨ ᠤ 4 ᠰᠠᠷ᠎ᠠ ᠶᠢᠨ 25 ᠤ ᠡᠳᠦᠷ ᠠᠵᠢᠯ ᠢᠶᠠᠨ ᠡᠬᠢᠯᠡᠭᠦᠯᠵᠦ᠂ 2024 ᠣᠨ ᠤ 11 ᠰᠠᠷ᠎ᠠ ᠶᠢᠨ 30 ᠤ ᠡᠳᠦᠷ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃                    ᠲᠦᠮᠡᠳ ᠵᠡᠭᠦᠨ ᠬᠤᠰᠢᠭᠤᠨ ᠤ ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ                              2024 ᠣᠨ ᠤ 3 ᠰᠠᠷ᠎ᠠ ᠶᠢᠨ 12 ᠤ ᠡᠳᠦᠷ  
 
ᠢᠷᠡᠯᠲᠡ᠄  ᠶᠢᠨ ᠬᠤᠸ ᠣᠷᠣᠨ ᠪᠦᠰᠡ ᠶᠢᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号