3 ᠰᠠᠷ᠎ᠠ ᠶᠢᠨ 21 ᠤ ᠡᠳᠦᠷ ᠬᠤᠰᠢᠭᠤᠨ ᠤ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭᠠᠨ ᠤ | ᠪᠠᠶᠢᠩᠭᠤ ᠶᠢᠨ ᠬᠤᠷᠠᠯ ᠬᠢᠪᠠ | | | | | ᠬᠤᠷᠠᠯ ᠠᠴᠠ ᠴᠢᠬᠤᠯᠠᠴᠢᠯᠠᠭᠰᠠᠨ ᠨᠢ᠄ | ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠨᠢ ᠡᠨᠡ ᠵᠢᠯ ᠤᠨ ᠬᠠᠷᠠᠯᠲᠠ ᠶᠢ ᠪᠡᠶᠡᠯᠡᠭᠦᠯᠬᠦ ᠪᠠ | ᠰᠠᠶᠢᠨ ᠡᠬᠢᠯᠡᠯᠲᠡ ᠲᠠᠢ ᠬᠤᠯᠪᠣᠭᠳᠠᠨ᠎ᠠ᠂ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠢᠨ ᠠᠵᠤ ᠠᠬᠤᠢ ᠶᠢᠨ | ᠬᠥᠭᠵᠢᠯᠲᠡ ᠶᠢᠨ ᠪᠠᠶᠢᠳᠠᠯ ᠢ ᠣᠨᠣᠪᠴᠢᠲᠠᠢ ᠰᠤᠳᠤᠯᠤᠨ ᠮᠠᠭᠠᠳᠯᠠᠵᠤ᠂ ᠭᠦᠢᠴᠡᠳᠬᠡᠯ ᠲᠤᠭ᠎ᠠ ᠶᠢᠨ ᠠᠵᠢᠯᠯᠠᠭᠠᠨ ᠢ | ᠲᠣᠭᠲᠠᠪᠤᠷᠢᠵᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠩᠬᠠᠷᠴᠤ᠂ ᠲᠦᠷᠦᠯ | ᠵᠦᠢᠯ ᠤᠨ ᠭᠠᠷᠳᠠᠮ ᠢ ᠭᠦᠢᠴᠡᠳᠬᠡᠬᠦ ᠪᠠ ᠠᠵᠢᠯ ᠢᠶᠠᠨ ᠡᠬᠢᠯᠡᠭᠦᠯᠬᠦ ᠶᠢ ᠲᠦᠷᠭᠡᠳᠬᠡᠵᠦ᠂ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ | ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠪᠦᠬᠦ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠰᠠᠭᠤᠷᠢ | ᠲᠠᠯᠪᠢᠬᠤ ᠬᠡᠷᠡᠭᠲᠡᠢ᠃ ᠡᠯ᠎ᠡ ᠬᠠᠷᠢᠭᠤᠴᠠᠯᠭᠠᠲᠤ ᠨᠢᠭᠡᠴᠡ ᠨᠢ ᠣᠳᠣᠬᠠᠨ ᠤ ᠭᠤᠤᠯᠳᠠᠯᠭ᠎ᠠ ᠲᠠᠢ ᠠᠵᠢᠯ ᠤᠨ | ᠡᠭᠦᠷᠭᠡ ᠶᠢᠨ ᠲᠣᠭᠤᠷᠢᠨ ᠳᠤ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ | ᠬᠠᠷᠢᠴᠠᠭᠤᠯᠤᠨ᠂ ᠲᠥᠰᠦᠯ ᠢᠶᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠨᠠᠶᠢᠳᠠᠪᠤᠷᠢᠵᠢᠭᠤᠯᠬᠤ ᠠᠷᠭ᠎ᠠ | ᠬᠡᠮᠵᠢᠶ᠎ᠡ ᠪᠠᠨ ᠴᠢᠩᠭᠠᠷᠠᠭᠤᠯᠤᠨ᠂ ᠴᠠᠭ ᠤᠨ ᠳᠠᠷᠠᠭᠠᠯᠠᠯ ᠤᠨ ᠠᠬᠢᠴᠠ ᠪᠠᠷ ᠠᠬᠢᠭᠤᠯᠵᠤ᠂ ᠦᠢᠯᠡᠴᠢᠯᠡᠭᠡᠨ ᠤ | ᠦᠢᠯᠡᠰ ᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠥᠷᠢ | ᠥᠭᠴᠡᠭᠡ ᠶᠢ ᠠᠷᠢᠯᠭᠠᠬᠤ ᠪᠠ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢ | ᠣᠯᠠᠨ ᠠᠷᠭ᠎ᠠ ᠵᠠᠮ ᠢᠶᠠᠷ ᠲᠦᠷᠭᠡᠳᠬᠡᠵᠦ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃ | ᠬᠤᠷᠠᠯ ᠠᠴᠠ ᠪᠠᠰᠠ ᠪᠤᠰᠤᠳ ᠭᠤᠣᠯᠳᠠᠯᠭ᠎ᠠ ᠲᠠᠢ ᠵᠦᠢᠯᠡᠰ ᠢ ᠰᠤᠳᠤᠯᠵᠠᠢ᠃ | ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | http://www.tmtzq.gov.cn/zwgk / |