ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠨᠢᠭᠡ ᠵᠦᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ 1000 ᠲᠦᠮᠡᠨ ᠲᠥᠭᠦᠷᠢᠭ ᠪᠣᠯᠭᠠᠪᠠ
ᠨᠡᠶᠢᠲᠡᠯᠡᠭᠰᠡᠨ ᠴᠠᠭ᠄
2024/3/23
     ᠲᠦᠷᠦᠭᠦᠬᠡᠨ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠵᠠᠩ ᠶᠦᠩ ᠹᠧᠩ ᠤᠨ ᠪᠦᠯᠭᠦᠮ ᠤᠨ ᠰᠤᠳᠤᠯᠤᠨ ᠨᠡᠭᠡᠭᠡᠭᠰᠡᠨ ︽ᠨᠡᠭᠦᠷᠡᠰᠦ ᠪᠠᠷ ᠰᠠᠭᠤᠷᠢ ᠪᠤᠯᠭᠠᠬᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠠᠭ᠎ᠠ ᠨᠡᠭᠦᠷᠡᠰᠦᠲᠥ᠋ᠷᠥᠭᠴᠢ ᠪᠠᠷ ᠠᠰᠢᠭᠯᠠᠬᠤ ᠪᠠ ᠥᠨᠳᠥᠷ ᠥᠷᠲᠡᠭᠲᠦ ᠮᠠᠲ᠋ᠧᠷᠢᠶᠠᠯ ᠪᠣᠯᠭᠠᠨ ᠦᠢᠯᠡᠳᠬᠦ ᠮᠡᠷᠭᠡᠵᠢᠯ︾ ᠢ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢᠶᠠᠷ ᠳᠠᠮᠵᠢᠭᠤᠯᠤᠨ 1000 ᠲᠦᠮᠡᠨ ᠲᠥᠭᠦᠷᠢᠭ ᠤᠨ ᠦᠷᠳᠡᠭ ᠪᠣᠯᠭᠠᠨ ᠤᠯᠠᠷᠢᠭᠤᠯᠪᠠ᠃ ᠡᠨᠡ ᠪᠣᠯ ᠲᠣᠰ ᠰᠤᠷᠭᠠᠭᠤᠯᠢ ᠶᠢᠨ ᠤᠯᠠᠷᠢᠭᠤᠯᠤᠭᠰᠠᠨ ᠠᠩᠬᠠᠳᠠᠭᠴᠢ ᠮᠢᠩᠭᠠᠨ ᠲᠦᠮᠡᠨ ᠲᠥᠭᠦᠷᠢᠭ ᠤᠨ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠᠶᠢᠵᠤ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠮᠧᠩ ᠺᠧ ᠵᠢᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢᠶᠠᠷ ᠳᠡᠮᠵᠢᠨ ᠦᠷ᠎ᠡ ᠪᠦᠲᠦᠭᠡᠯ ᠢ ᠤᠯᠠᠷᠢᠭᠤᠯᠤᠭᠰᠠᠨ ᠲᠠᠩ ᠵᠦᠢᠯ ᠤᠨ ᠭᠡᠷ᠎ᠡ ᠶᠢᠨ ᠵᠣᠭᠤᠰᠤᠨ ᠤ ᠲᠤᠭ᠎ᠠ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠦᠭᠰᠡᠨ ᠪᠠᠶᠢᠨ᠎ᠠ᠃     ᠣᠶᠢᠯᠠᠭᠠᠭᠰᠠᠨ ᠢᠶᠠᠷ᠂ ᠭᠡᠷ᠎ᠡ ᠲᠣᠭᠲᠠᠭᠰᠠᠨ ᠤ ᠳᠠᠷᠠᠭ᠎ᠠ᠂ ᠰᠤᠷᠭᠠᠭᠤᠯᠢ ᠠᠵᠤ ᠠᠬᠤᠶᠢᠯᠠᠯ ᠬᠤᠶᠠᠷ ᠲᠠᠯ᠎ᠠ  ᠪᠠᠷ ᠢᠶᠠᠨ ᠬᠠᠮᠲᠤᠷᠠᠨ ᠦᠷ᠎ᠡ ᠪᠦᠲᠦᠭᠡᠯ ᠢ ᠤᠯᠠᠷᠢᠭᠤᠯᠬᠤ ᠬᠠᠮᠢᠶ᠎ᠠ ᠪᠦᠬᠦᠢ ᠠᠵᠢᠯ ᠢ ᠥᠷᠨᠢᠭᠦᠯᠵᠦ᠂ ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠵᠢᠯ ᠪᠦᠷᠢ 2 ᠲᠦᠮᠡᠨ ᠲᠣᠨ ᠬᠡᠶᠢᠵᠢᠭᠦᠯᠦᠭᠰᠡᠨ ᠰᠢᠭᠠᠷᠤ ᠶᠢ ᠪᠦᠭᠦᠨ ᠢ ᠮᠥᠬᠦᠯᠢᠭᠲᠦ ᠨᠡᠮᠡᠯᠲᠡ ᠮᠠᠲ᠋ᠧᠷᠢᠶᠠᠯ ᠪᠣᠯᠭᠠᠨ ᠦᠢᠯᠡᠳᠪᠦᠷᠢᠯᠡᠵᠦ᠂ ᠵᠢᠱᠢᠯᠲᠡ ᠪᠠᠷ ᠣᠨ ᠤ ᠪᠣᠷᠤᠯᠠᠭᠤᠯᠭ᠎ᠠ ᠨᠢ 1.29 ᠳ᠋ᠦᠩᠰᠢᠭᠤᠷ ᠲᠥᠭᠦᠷᠢᠭ ᠲᠤ ᠬᠦᠷᠴᠦ᠂ 3800 ᠲᠦᠮᠡᠨ ᠲᠥᠭᠦᠷᠢᠭ ᠠᠴᠠ ᠳᠡᠭᠡᠭᠰᠢᠬᠢ ᠠᠰᠢᠭ ᠣᠯᠵᠠᠪᠤᠷᠢ ᠶᠢ ᠪᠡᠶᠡᠯᠡᠭᠦᠯᠦᠨ᠎ᠡ᠃     ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠮᠧᠩ ᠺᠧ ᠵᠢᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠦᠭᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠰᠢᠨᠵᠢᠯᠡᠬᠦ ᠤᠬᠠᠭᠠᠨᠲᠠᠳ ᠤᠨ ᠠᠵᠤ ᠠᠬᠤᠶᠢᠯᠠᠯᠲᠠᠳ ᠲᠠᠢ ᠬᠠᠷᠢᠯᠴᠠᠬᠤ ᠳᠤ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ︽ᠲᠤᠷᠰᠢᠯᠲᠠ ᠶᠢᠨ ᠲᠠᠰᠤᠭ︾ ᠠᠴᠠ ︽ᠦᠢᠯᠡᠳᠪᠦᠷᠢᠯᠡᠯ ᠤᠨ ᠱᠤᠭᠤᠮ︾  ᠳᠤ ᠤᠷᠤᠭᠤᠯᠬᠤ ᠵᠠᠮ ᠢ ᠠᠮᠵᠢᠯᠲᠠ ᠲᠠᠢ ᠨᠡᠪᠲᠡᠷᠡᠭᠦᠯᠪᠡ᠃ 2019 ᠣᠨ ᠳᠤ ︽ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠪᠤᠶᠤ ᠣᠷᠳᠣ ᠬᠤᠭᠤᠴᠠᠭ᠎ᠠ ᠪᠠᠷ ᠬᠡᠷᠡᠭᠯᠡᠬᠦ ᠡᠷᠬᠡ ᠣᠯᠭᠤᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢᠶᠠᠷ ᠵᠥᠪᠰᠢᠶᠡᠷᠡᠭᠳᠡᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠵᠢᠯᠣᠭᠤᠳᠤᠯᠭ᠎ᠠ ᠳᠣᠣᠷ᠎ᠠ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠰᠢᠨ᠎ᠡ ᠶᠢ ᠡᠭᠦᠳᠬᠦ ᠠᠮᠢ ᠠᠬᠤᠢ ᠶᠢ ᠢᠳᠡᠪᠬᠢᠲᠡᠢ ᠰᠢᠯᠢᠳᠡᠭᠵᠢᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠢᠳᠡᠪᠬᠢᠵᠢᠯ ᠢ ᠳᠠᠶᠢᠴᠢᠯᠠᠵᠤ᠂ ᠣᠶᠤᠨᠴᠢ ᠲᠣᠨᠣᠭᠯᠠᠯ᠂ ᠣᠳᠣᠬᠢᠴᠢᠯᠠᠭᠰᠠᠨ ᠠᠵᠤ ᠦᠢᠯᠡᠳᠪᠦᠷᠢ᠂ ᠰᠢᠨ᠎ᠡ ᠡᠨᠧᠷᠭᠢ ᠵᠡᠷᠭᠡ ᠰᠢᠨᠵᠢᠯᠡᠭᠡᠨ ᠤ ᠰᠠᠯᠠᠭ᠎ᠠ ᠪᠣᠯᠣᠨ ᠠᠵᠤ ᠦᠢᠯᠡᠰ ᠤᠨ ᠬᠦᠷᠢᠶᠡᠨ ᠳᠤ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠷᠤᠭᠰᠢᠲᠠᠢ ᠤᠯᠠᠷᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ 
 
ᠢᠷᠡᠯᠲᠡ᠄ ᠳᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号