ᠲᠦᠮᠡᠳ ᠵᠡᠭᠦᠨ ᠬᠤᠰᠢᠭᠤᠨ ᠤ 2023 ᠣᠨ ᠤ 1 ︱ 12 ᠰᠠᠷ᠎ᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/3/26
     2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠭᠤᠷᠪᠠᠨ ᠵᠢᠯ ᠳᠤ ᠰᠢᠨ᠎ᠡ ᠪᠠᠷ ᠭᠠᠷᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠡᠰᠡᠭ ᠬᠤᠭᠤᠴᠠᠭ᠎ᠠ ᠰᠢᠯᠵᠢᠭᠦᠯᠦᠭᠰᠡᠨ ᠤ ᠳᠠᠷᠠᠭᠠᠬᠢ ᠠᠵᠤ ᠠᠬᠤᠢ ᠶᠢ ᠰᠡᠷᠭᠦᠭᠡᠨ ᠬᠥᠭᠵᠢᠭᠦᠯᠬᠦ‍ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠲᠦᠮᠡᠳ ᠵᠡᠭᠦᠨ ᠬᠤᠰᠢᠭᠤ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠡᠷᠢᠭᠦᠨ ᠳᠤ ᠣᠷᠣᠬᠤ ᠪᠠᠷ ᠴᠢᠷᠮᠠᠶᠢᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ ᠬᠠᠷᠠᠯᠲᠠ ᠶᠢ ᠲᠣᠭᠲᠠᠭᠠᠵᠤ᠂ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠬᠠᠷᠠᠯᠲᠠ ᠶᠢᠨ ᠴᠢᠭᠯᠡᠯ ᠢᠶᠠᠷ ᠰᠢᠪᠲᠤᠯᠤᠨ ᠰᠢᠪᠲᠤᠯᠵᠤ᠂ ᠪᠥᠬᠦ ᠬᠤᠰᠢᠭᠤᠨ ᠤ ᠠᠵᠤ ᠠᠬᠤᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠬᠥᠳᠡᠯᠭᠡᠬᠦ ᠬᠦᠴᠦᠨ ᠢ ᠬᠤᠷᠠᠮᠳᠤᠭᠤᠯᠤᠨ ᠴᠢᠩᠭᠠᠷᠠᠭᠤᠯᠵᠤ᠂ ᠠᠵᠤ ᠠᠬᠤᠢ ᠶᠢᠨ ᠠᠵᠢᠯᠯᠠᠭᠠᠨ ᠳᠤ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ᠂ ᠲᠣᠭᠲᠠᠭᠤᠨ ᠤ ᠳᠤᠮᠳᠠ ᠰᠢᠯᠢᠳᠡᠭ ᠤᠷᠤᠭᠰᠢᠯᠠᠬᠤ ᠬᠥᠭᠵᠢᠯᠲᠡ ᠶᠢᠨ ᠪᠠᠶᠢᠳᠠᠯ ᠢᠯᠡᠷᠡᠵᠦ᠂ ᠴᠢᠨᠠᠷ ᠰᠠᠶᠢᠲᠠᠢ ᠬᠥᠭᠵᠢᠯᠲᠡ ᠳᠤ ᠯᠠᠪᠳᠠᠭᠤᠨ ᠪᠠᠲᠤᠲᠠᠢ ᠠᠯᠬᠤᠮ ᠢ ᠠᠯᠬᠤᠨ᠎ᠠ᠃ ᠲᠠᠪᠤᠨ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠴᠥᠮ ᠪᠦᠬᠦ ᠬᠤᠳᠠ ᠶᠢᠨ ᠳᠤᠮᠳᠠᠴᠢ ᠲᠦᠪᠰᠢᠨ ᠠᠴᠠ ᠥᠨᠳᠥᠷ ᠪᠠᠶᠢᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠶᠡᠷᠦᠩᠬᠡᠢ ᠬᠡᠮᠵᠢᠶ᠎ᠡ ᠠᠩᠬ᠎ᠠ ᠤᠳᠠᠭ᠎ᠠ 350 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠤ᠂ ᠪᠦᠬᠦ ᠣᠷᠣᠨ ᠤ 16 ᠳ᠋ᠤᠭᠠᠷ ᠲᠤ ᠵᠢᠭᠰᠠᠭᠠᠭᠳᠠᠵᠤ᠂ ᠳᠡᠭᠡᠷ᠎ᠡ ᠵᠢᠯ ᠤᠨ ᠬᠢ ᠠᠴᠠ 5 ᠣᠷᠣᠨ ᠤᠳᠠᠭ᠎ᠠ ᠳᠡᠭᠡᠭᠰᠢᠯᠡᠵᠡᠢ᠃ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ    ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2023 ᠣᠨ ᠳᠤ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 359.19 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 14.7% ᠪᠠᠷ ᠨᠡᠮᠡᠭᠳᠡᠪᠡ᠃    ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 51.49 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠪᠡ  ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 186.81 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.3% ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 120.88 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.1% ᠨᠡᠮᠡᠭᠳᠡᠪᠡ᠃ᠭᠤᠷᠪᠠᠨ ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠬᠤᠪᠢ ᠶᠢᠨ ᠵᠢᠩ ᠨᠢ ᠲᠣᠰ ᠲᠣᠰ 14.3%᠂ 52.0% ᠪᠠ 33.7% ᠪᠣᠯᠪᠠᠪᠥᠬᠦ ᠬᠤᠰᠢᠭᠤᠨ ᠤ ᠠᠵᠤ ᠠᠬᠤᠢ ᠶᠢᠨ ᠨᠡᠮᠡᠭᠳᠡᠯ ᠳᠤ ᠲᠣᠰ ᠲᠣᠰ 8.1%᠂ 71.1% ᠪᠠ 20.8% ᠬᠤᠪᠢ ᠨᠡᠮᠡᠷᠢ ᠦᠵᠡᠭᠦᠯᠵᠦ᠂ ᠲᠣᠰ ᠲᠣᠰ ᠪᠥᠬᠦ ᠬᠤᠰᠢᠭᠤᠨ ᠤ GDP ᠶᠢᠨ ᠨᠡᠮᠡᠭᠳᠡᠯ ᠢ 1.2᠂ 10.4 ᠪᠠ 3.1 ᠵᠠᠭᠤᠨ ᠤ ᠬᠤᠪᠢ ᠴᠡᠭ ᠳᠠᠶᠢᠴᠢᠯᠠᠪᠠ᠃ᠬᠤᠶᠠᠷ᠂ ᠲᠠᠷᠢᠶᠠᠯᠠᠩ ᠤᠨ ᠦᠢᠯᠡᠳᠪᠦᠷᠢᠯᠡᠯ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠵᠤ᠂ ᠠᠮᠤ ᠪᠤᠳᠠᠭ᠎ᠠ ᠦᠷᠭᠦᠯᠵᠢᠯᠡᠨ ᠡᠯᠪᠡᠭ ᠬᠤᠷᠢᠶᠠᠯᠲᠠ ᠣᠯᠪᠠ    2023 ᠣᠨ ᠳᠤ᠂ ᠠᠮᠤ ᠪᠤᠳᠠᠭᠠᠨ ᠤ ᠲᠠᠷᠢᠮᠠᠯ ᠤᠨ ᠲᠠᠷᠢᠬᠤ ᠲᠠᠯᠠᠪᠠᠢ 141.56 ᠲᠦᠮᠡᠨ ᠮᠦ ᠳᠤ ᠬᠦᠷᠴᠦ᠂ ᠶᠡᠷᠦᠩᠬᠡᠢ ᠤᠨᠠᠯᠲᠠ ᠨᠢ 71.06 ᠲᠦᠮᠡᠨ ᠲᠣᠨ ᠳᠤ ᠬᠦᠷᠴᠡᠢ᠃    ᠠᠮᠤ ᠪᠤᠳᠠᠭᠠᠨ ᠤ ᠳᠠᠷᠢᠬᠤ ᠲᠠᠯᠠᠪᠠᠶ 93420.14 ᠾᠧᠺᠲ᠋ᠠᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.0% ᠨᠡᠮᠡᠭᠳᠡᠵᠦ᠂ ᠠᠮᠤ ᠪᠤᠳᠠᠭᠠᠨ ᠤ ᠤᠨᠠᠯᠲᠠ 70.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 2.3% ᠨᠡᠮᠡᠭᠳᠡᠵᠡᠢ᠃    ᠡᠭᠦᠨ ᠳᠤ᠂ ᠡᠷᠳᠡᠨᠢ ᠰᠢᠰᠢ ᠳᠠᠷᠢᠬᠤ ᠲᠠᠯᠠᠪᠠᠶ 92867.01 ᠾᠧᠺᠲ᠋ᠠᠷ ᠪᠠᠶᠢᠵᠤ᠂ ᠠᠳᠠᠯᠢ ᠬᠤᠭᠤᠴᠠᠭᠠᠨ ᠤ  ᠬᠢ ᠠᠴᠠ 0.9% ᠨᠡᠮᠡᠭᠳᠡᠵᠦ᠂ ᠡᠷᠳᠡᠨᠢ ᠰᠢᠰᠢ ᠶᠢᠨ ᠤᠨᠠᠯᠲᠠ 70.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.3% ᠨᠡᠮᠡᠭᠳᠡᠵᠦ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ 507.2 ᠺᠢᠯᠣᠭ᠍ᠷᠠᠮ ᠳᠤ ᠬᠦᠷᠴᠦ᠂ ᠳᠡᠭᠡᠷ᠎ᠡ ᠵᠢᠯ ᠤᠨ ᠬᠢ ᠠᠴᠠ 1.3% ᠨᠡᠮᠡᠭᠳᠡᠵᠡᠢ᠃ ᠪᠤᠭᠤᠳᠠᠢ ᠲᠠᠷᠢᠬᠤ ᠲᠠᠯᠠᠪᠠᠢ 216.81 ᠾᠧᠺᠲ᠋ᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 66.8% ᠨᠡᠮᠡᠭᠳᠡᠵᠦ᠂ ᠪᠤᠭᠤᠳᠠᠢ ᠶᠢᠨ ᠭᠠᠷᠤᠯᠲᠠ 1322.2 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 89.8% ᠨᠡᠮᠡᠭᠳᠡᠵᠦ᠂ ᠪᠤᠭᠤᠳᠠᠢ ᠶᠢᠨ ᠲᠠᠯᠠᠪᠠᠢ ᠨᠢᠭᠡᠴᠢ ᠶᠢᠨ ᠤᠨᠠᠯᠲᠠ 406.6 ᠺᠢᠯᠣᠭ᠍ᠷᠠᠮ ᠳᠤ ᠬᠦᠷᠴᠦ᠂ ᠳᠡᠭᠡᠷ᠎ᠡ ᠵᠢᠯ ᠤᠨ ᠬᠢ ᠠᠴᠠ 13.8% ᠨᠡᠮᠡᠭᠳᠡᠵᠡᠢ᠃ᠭᠤᠷᠪᠠ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠦᠷᠦᠭᠦᠯᠡᠬᠦ ᠬᠤᠷᠳᠤᠴᠠ ᠲᠦᠷᠭᠡᠳᠴᠦ᠂ ᠭᠤᠣᠯᠯᠠᠬᠤ ᠠᠵᠤ ᠦᠢᠯᠡᠰ ᠤᠨ ᠳᠠᠶᠢᠴᠢᠯᠠᠯᠲᠠ ᠢᠯᠡᠷᠬᠡᠢ ᠪᠣᠯᠪᠠ2023 ᠣᠨ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 31.2% ᠨᠡᠮᠡᠭᠳᠡᠵᠦ᠂ 60 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 11.2% ᠨᠡᠮᠡᠭᠳᠡᠪᠡ᠃    ᠭᠤᠷᠪᠠᠨ ᠶᠡᠭᠡ ᠲᠥᠷᠥᠯ ᠵᠦᠢᠯ ᠠᠴᠠ ᠦᠵᠡᠪᠡᠯ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 25.7% ᠪᠠᠷ ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 121.8% ᠪᠠᠷ ᠨᠡᠮᠡᠭᠳᠡᠵᠡᠢ᠃    ᠪᠦᠲᠦᠭᠡᠭᠳᠡᠬᠦᠨ ᠤ ᠭᠠᠷᠤᠯᠲᠠ ᠠᠴᠠ ᠦᠵᠡᠪᠡᠯ᠂ ᠴᠠᠭᠠᠨ ᠢᠳᠡᠭᠡᠨ ᠤ ᠭᠠᠷᠤᠯᠲᠠ ᠠᠳᠠᠯᠢ ᠬᠤᠭᠤᠴᠠᠭᠠᠨ ᠤ  ᠬᠢ ᠠᠴᠠ 34.3% ᠨᠡᠮᠡᠭᠳᠡᠵᠦ᠂ ᠱᠦᠢᠨᠢ ᠶᠢᠨ ᠪᠦᠲᠦᠭᠡᠭᠳᠡᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 11.7% ᠨᠡᠮᠡᠭᠳᠡᠵᠦ᠂ ᠴᠠᠭᠠᠰᠤᠨ ᠪᠦᠲᠦᠭᠡᠭᠳᠡᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 25.5% ᠨᠡᠮᠡᠭᠳᠡᠵᠦ᠂ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠭᠳᠡᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 2.4% ᠨᠡᠮᠡᠭᠳᠡᠵᠦ᠂ ᠪᠣᠷᠳᠣᠭᠠᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 8.0% ᠪᠠᠭᠤᠷᠠᠪᠠ᠃    ᠭᠤᠣᠯᠯᠠᠬᠤ ᠠᠵᠤ ᠦᠢᠯᠡᠰ ᠠᠴᠠ ᠦᠵᠡᠪᠡᠯ᠂ ᠰᠦ᠋ ᠶᠢᠨ ᠦᠢᠯᠡᠰ ᠵᠢᠴᠢ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠪᠡᠶᠡᠯᠡᠭᠦᠯᠦᠭᠰᠡᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 20.1%  ᠪᠠᠷ ᠨᠡᠮᠡᠭᠳᠡᠵᠦ᠂ ᠳᠡᠭᠡᠳᠦ ᠯᠠᠲ᠋ᠢᠨ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠨᠢ 10.7 ᠵᠠᠭᠤᠨ ᠤ ᠨᠢᠭᠡᠴᠢ ᠪᠣᠯᠪᠠ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠵᠢᠴᠢ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 5.9% ᠨᠡᠮᠡᠭᠳᠡᠵᠦ᠂ ᠳᠡᠭᠡᠳᠦ ᠯᠠᠲ᠋ᠢᠨ ᠠᠮᠧᠷᠢᠺᠠ ᠲᠢᠪ ᠤᠨ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ 2.0ᠵᠠᠭᠤᠨ ᠤ ᠨᠢᠭᠡᠴᠢ ᠪᠣᠯᠪᠠ᠃ᠳᠥᠷᠪᠡ᠂ ᠪᠡᠯᠡ ᠣᠷᠣᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠨᠡᠮᠡᠭᠳᠡᠯ ᠤᠨ ᠬᠠᠨᠳᠤᠰᠢ ᠬᠥᠮᠥᠨ ᠢ ᠪᠠᠶᠠᠰᠬᠠᠵᠤ᠂ ᠡᠷᠡᠭᠦᠯ ᠮᠡᠨᠳᠦ ᠶᠢᠨ ᠬᠥᠨᠳᠡᠢ ᠶᠢᠨ ᠬᠤᠪᠢ ᠨᠡᠮᠡᠷᠢ ᠢᠯᠡᠳᠲᠡ ᠪᠣᠯᠪᠠ    2023 ᠣᠨ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 33.3% ᠨᠡᠮᠡᠭᠳᠡᠪᠡ᠃    ᠪᠡᠯᠡ ᠣᠷᠣᠭᠤᠯᠤᠯᠲᠠ ᠶᠢᠨ ᠠᠵᠤ ᠦᠢᠯᠡᠰ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ 10.3%᠃ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ 59.5%᠃ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ 30.2% ᠲᠤ ᠬᠥᠷᠪᠡ᠃ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠨᠢ ᠠᠷᠪᠠᠨ ᠤ ᠵᠢᠷᠭᠤᠭᠠᠨ ᠬᠤᠪᠢ ᠰᠢᠬᠠᠮ ᠳᠤ ᠬᠦᠷᠴᠦ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢᠯᠡᠳᠲᠡ ᠪᠣᠯᠪᠠ᠃    ᠪᠡᠯᠡ ᠣᠷᠣᠭᠤᠯᠤᠯᠲᠠ ᠶᠢᠨ ᠣᠷᠣᠨ ᠪᠦᠰᠡ ᠠᠴᠠ ᠦᠵᠡᠪᠡᠯ᠂ ᠡᠷᠡᠭᠦᠯ ᠮᠡᠨᠳᠦ ᠶᠢᠨ ᠬᠥᠨᠳᠡᠢ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 36.2% ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠬᠤᠪᠢ ᠶᠢᠨ ᠵᠢᠩ 79.1% ᠳᠤ ᠬᠦᠷᠴᠦ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 36.3% ᠳᠤ ᠬᠦᠷᠴᠦ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 21.0 ᠵᠠᠭᠤᠨ ᠤ ᠨᠢᠭᠡᠴᠢ ᠳᠠᠶᠢᠴᠢᠯᠠᠪᠠ᠃    ᠪᠡᠯᠡ ᠣᠷᠣᠭᠤᠯᠤᠯᠲᠠ ᠶᠢᠨ ᠪᠦᠲᠦᠴᠡ ᠠᠴᠠ ᠦᠵᠡᠪᠡᠯ᠂ ᠪᠠᠷᠢᠯᠭ᠎ᠠ ᠶᠢᠨ ᠢᠨᠵᠧᠨᠧᠷᠢᠩ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 28.6% ᠪᠠᠷ ᠨᠡᠮᠡᠭᠳᠡᠵᠦ᠂ ᠤᠭᠰᠠᠷᠠᠬᠤ ᠢᠨᠵᠧᠨᠧᠷᠢᠩ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 191.4% ᠪᠠᠷ ᠨᠡᠮᠡᠭᠳᠡᠵᠦ᠂ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 71.1% ᠪᠠᠷ ᠨᠡᠮᠡᠭᠳᠡᠵᠦ᠂ ᠪᠤᠰᠤᠳ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 37.2% ᠢᠶᠠᠷ ᠨᠡᠮᠡᠭᠳᠡᠵᠡᠢ᠃ ᠡᠭᠦᠨ ᠳᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠣᠷᠣᠯᠠᠭᠤᠯᠤᠯᠲᠠ ᠶᠢᠨ ᠲᠠᠯᠠᠪᠠᠶ 148701 ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 738.1% ᠪᠠᠷ ᠨᠡᠮᠡᠭᠳᠡᠪᠡ᠃ᠲᠠᠪᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠦᠷᠭᠦᠯᠵᠢᠯᠡᠨ ᠴᠢᠩᠭᠠᠷᠠᠪᠠ    2023 ᠣᠨ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 39.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.0% ᠨᠡᠮᠡᠭᠳᠡᠪᠡ᠃    ᠳᠥᠷᠪᠡᠨ ᠶᠡᠭᠡ ᠭᠤᠣᠯ ᠠᠵᠢᠯ ᠲᠥᠷᠥᠯ ᠠᠴᠠ ᠦᠵᠡᠪᠡᠯ᠂ ᠪᠥᠭᠡᠮ ᠢᠶᠠᠷ ᠬᠤᠳᠠᠯᠳᠤᠬᠤ ᠦᠢᠯᠡᠰ ᠤᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 50.9% ᠪᠠᠷ ᠨᠡᠮᠡᠭᠳᠡᠵᠦ᠂ ᠵᠢᠵᠢᠭᠯᠡᠨ ᠬᠤᠳᠠᠯᠳᠤᠬᠤ ᠦᠢᠯᠡᠰ ᠤᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ  ᠬᠢ ᠠᠴᠠ 44.3% ᠪᠠᠷ ᠨᠡᠮᠡᠭᠳᠡᠵᠦ᠂ ᠬᠤᠨᠣᠭᠯᠠᠬᠤ ᠦᠢᠯᠡᠰ ᠤᠨ ᠡᠵᠡᠩᠨᠡᠯᠲᠡ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 5.8% ᠪᠠᠷ ᠪᠠᠭᠤᠷᠠᠵᠤ᠂ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 62.7% ᠪᠠᠷ ᠪᠠᠭᠤᠷᠠᠪᠠ᠃    ᠲᠠᠸᠠᠷ ᠤᠨ ᠵᠢᠵᠢᠭᠯᠡᠨ ᠬᠤᠳᠠᠯᠳᠤᠭᠰᠠᠨ ᠲᠥᠷᠥᠯ ᠠᠩᠭᠢᠯᠠᠯ ᠠᠴᠠ ᠦᠵᠡᠪᠡᠯ᠂ ᠠᠮᠤ ᠲᠣᠰᠣ ᠢᠳᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 507.6% ᠨᠡᠮᠡᠭᠳᠡᠵᠦ᠂ ᠮᠠᠰᠢᠨ ᠲᠡᠷᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 203.5% ᠨᠡᠮᠡᠭᠳᠡᠵᠦ᠂ ᠡᠸᠦ᠋ᠷᠦᠫᠡ ᠡᠮ ᠤᠨ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ  ᠬᠢ ᠠᠴᠠ 552.8% ᠨᠡᠮᠡᠭᠳᠡᠵᠡᠢ᠃ ᠢᠳᠡᠭᠡᠨ ᠤᠮᠳᠠᠭᠠᠨ ᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 4.0% ᠪᠠᠭᠤᠷᠠᠪᠠ᠃ ᠴᠢᠯᠠᠭᠤᠨ ᠲᠣᠰᠣᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 7.8% ᠪᠠᠭᠤᠷᠠᠪᠠ᠃ ᠪᠤᠰᠤᠳ ᠠᠮᠢᠳᠤᠷᠠᠯ ᠤᠨ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 23.7% ᠪᠠᠷ ᠨᠡᠮᠡᠭᠳᠡᠪᠡ᠃    ᠡᠭᠦᠨ ᠳᠤ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠪᠡᠶᠡᠯᠡᠭᠦᠯᠦᠭᠰᠡᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠭᠰᠠᠨ ᠲᠤᠭ᠎ᠠ 15.5 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠬᠤᠰᠢᠭᠤᠨ ᠤ ᠬᠢᠵᠠᠭᠠᠷᠯᠠᠭᠰᠠᠨ ᠵᠢᠵᠢᠭᠯᠡᠨ ᠬᠤᠳᠠᠯᠳᠤᠭᠰᠠᠨ ᠲᠤᠭ᠎ᠠ ᠶᠢᠨ 81.3% ᠶᠢ ᠡᠵᠡᠯᠡᠪᠡ᠃ᠵᠢᠷᠭᠤᠭ᠎ᠠ᠂ ᠠᠵᠤ ᠠᠬᠤᠢ ᠶᠢᠨ ᠪᠦᠲᠦᠴᠡ ᠠᠯᠬᠤᠮ ᠠᠯᠬᠤᠮ ᠢᠶᠠᠷ ᠰᠢᠯᠢᠳᠡᠭᠵᠢᠵᠦ᠂ ᠦᠢᠯᠡᠴᠢᠯᠡᠭᠡᠨ ᠤ ᠦᠢᠯᠡᠰ ᠨᠡᠯᠢᠶᠡᠳ ᠲᠦᠷᠭᠡᠨ ᠬᠥᠭᠵᠢᠪᠡ    2023 ᠣᠨ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 56.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.2% ᠨᠡᠮᠡᠭᠳᠡᠪᠡ᠃    ᠭᠤᠣᠯ ᠪᠣᠯᠬᠤ ᠠᠵᠢᠯ ᠲᠦᠷᠦᠯ ᠠᠴᠠ ᠦᠵᠡᠪᠡᠯ᠂ ᠲᠤᠯᠤᠭᠠᠨ ᠶᠡᠭᠡ ᠠᠵᠢᠯ ᠲᠦᠷᠦᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ︽ᠳᠥᠷᠪᠡ ᠶᠢ ᠨᠡᠮᠡᠭᠳᠡᠭᠦᠯᠵᠦ ᠭᠤᠷᠪᠠ ᠶᠢ ᠪᠠᠭᠤᠷᠠᠭᠤᠯᠬᠤ︾ ᠪᠠᠶᠢᠳᠠᠯ ᠲᠠᠢ ᠪᠠᠶᠢᠨ᠎ᠠ᠃ ᠵᠠᠮ ᠲᠡᠭᠡᠭᠡᠪᠦᠷᠢ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ  ᠬᠢ ᠠᠴᠠ 39.1% ᠨᠡᠮᠡᠭᠳᠡᠵᠦ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 25.8% ᠨᠡᠮᠡᠭᠳᠡᠵᠦ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 30.6% ᠨᠡᠮᠡᠭᠳᠡᠵᠦ᠂ ᠰᠤᠷᠭᠠᠨ ᠬᠥᠮᠦᠵᠢᠯ ᠤᠨ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 3.2% ᠨᠡᠮᠡᠭᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 13.2% ᠪᠠᠭᠤᠷᠠᠵᠤ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠦᠢᠯᠡᠰ ᠤᠨ ᠡᠵᠡᠩᠨᠡᠯᠲᠡ ᠶᠢᠨᠳᠣᠯᠤᠭ᠎ᠠ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠬᠤᠲᠠ ᠬᠥᠳᠡᠭᠡ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠪᠠ    2023 ᠣᠨ ᠳᠤ᠂ ᠪᠥᠬᠦ ᠬᠤᠰᠢᠭᠤᠨ ᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 30241 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠨᠡᠮᠡᠭᠳᠡᠪᠡ᠃    ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 43389 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7% ᠨᠡᠮᠡᠭᠳᠡᠪᠡ᠃ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 25285 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7% ᠨᠡᠮᠡᠭᠳᠡᠪᠡ᠃    ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠳᠠᠬᠢᠨ ᠤ ᠵᠥᠷᠢᠶ᠎ᠡ 1.716 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.033 ᠵᠠᠭᠤᠨ ᠤ ᠨᠢᠭᠡᠴᠢ ᠪᠠᠭᠠᠰᠪᠠ᠃ᠨᠠᠢᠮᠠ᠂ ᠡᠳ᠋ ᠤᠨ ᠵᠠᠰᠠᠭ ᠤᠨ ᠣᠷᠣᠯᠭ᠎ᠠ    2023 ᠣᠨ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 215692 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.6% ᠨᠡᠮᠡᠭᠳᠡᠪᠡ᠃ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ 582907 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 51.6% ᠨᠡᠮᠡᠭᠳᠡᠵᠡᠢ᠃    ᠳᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤ ᠶᠢᠨ ᠬᠢᠨ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠨᠡᠩ ᠯᠠᠪᠳᠠᠭᠤᠨ ᠪᠠᠲᠤᠲᠠᠢ ᠠᠯᠬᠤᠮ ᠢ ᠠᠯᠬᠤᠬᠤ ᠪᠣᠯᠣᠨ᠎ᠠ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号