ᠦᠰᠦᠭ ᠢᠶᠡᠷ ᠦᠬᠦᠯᠡᠬᠦᠢ᠄ ︽ᠲᠦᠮᠡᠳ ᠵᠡᠭᠦᠨ ᠬᠤᠰᠢᠭᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠮᠢᠳᠤᠯᠢᠭ ᠪᠣᠯᠭᠠᠨ ᠰᠢᠢᠳᠪᠦᠷᠢᠯᠡᠬᠦ ᠵᠢᠴᠢ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ︾
ᠨᠡᠶᠢᠲᠡᠯᠡᠭᠰᠡᠨ ᠴᠠᠭ᠄
2024/3/6
    ᠨᠢᠭᠡ᠂ ᠨᠡᠶᠢᠲᠡᠯᠡᠭᠰᠡᠨ ᠠᠬᠤᠶ ᠪᠠᠶᠢᠳᠠᠯ    ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠬᠢᠨᠠᠯᠲᠠ ᠲᠠᠯᠪᠢᠯᠲᠠ ᠶᠢ ᠴᠢᠩᠭᠠᠳᠬᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠨ᠂ ᠠᠷᠪᠢᠴᠢ ᠭᠠᠮᠲᠠᠶ ᠠᠮᠢᠳᠤᠷᠠᠬᠤ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 2023 ᠣᠨ ᠳᠤ ᠪᠢᠳᠡ ᠤᠷᠢᠳ ᠬᠤᠵᠢᠳ 3 ᠤᠳᠠᠭᠠᠨ ᠤ ᠡᠳ᠋ ᠬᠥᠷᠥᠩᠭᠡ ᠶᠢᠨ ᠪᠦᠷᠢᠳᠬᠡᠯ ᠢ ᠥᠷᠨᠢᠭᠦᠯᠵᠦ᠂ ᠮᠠᠰᠢ ᠤᠯᠠᠨ ᠠᠰᠠᠭᠤᠳᠠᠯ ᠢ ᠢᠯᠡᠷᠡᠭᠦᠯᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠪᠦᠲᠦᠮᠵᠢᠲᠡᠶ ᠪᠠᠷ ᠠᠮᠢᠳᠤᠯᠢᠭ ᠪᠣᠯᠭᠠᠭᠰᠠᠨ ᠪᠥᠭᠡᠳ ᠥᠨᠳᠥᠷ ᠪᠦᠲᠦᠮᠵᠢᠲᠡᠶ ᠪᠠᠷ ᠬᠡᠷᠡᠭᠯᠡᠬᠦ ᠳᠤ ᠬᠠᠷᠰᠢ ᠰᠠᠭᠠᠳ ᠤᠴᠠᠷᠠᠭᠤᠯᠪᠠ᠃ ᠪᠥᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠡᠳ᠋ ᠬᠥᠷᠥᠩᠭᠡ ᠶᠢ ᠰᠢᠢᠳᠪᠦᠷᠢᠯᠡᠬᠦ ᠪᠠ ᠣᠷᠣᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠤᠷ ᠲᠦᠪᠰᠢᠨ ᠪᠠ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠶᠢᠨ ᠲᠥᠯᠥᠭᠡ᠂ ᠲᠦᠮᠡᠳ ᠵᠡᠭᠦᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠲᠦᠮᠡᠳ ᠵᠡᠭᠦᠨ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠮᠢᠳᠤᠯᠢᠭ ᠪᠣᠯᠭᠠᠨ ᠰᠢᠢᠳᠪᠦᠷᠢᠯᠡᠬᠦ ᠵᠢᠴᠢ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠪᠠ᠃    ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ    ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ︾᠂ ︽︿ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠡᠳ᠋ ᠤᠨ ᠵᠠᠰᠠᠭ ᠤᠨ ᠶᠠᠮᠤᠨ ᠤ ᠲᠣᠭᠲᠠᠭᠠᠯ︾ ᠂ ︽ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠲᠤᠬᠠᠶ ᠵᠢᠯᠣᠭᠤᠳᠬᠤ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ︾ ᠪᠠ ︽ᠬᠥᠬᠡᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠮᠢᠳᠤᠯᠢᠭ ᠪᠣᠯᠭᠠᠨ ᠰᠢᠢᠳᠪᠦᠷᠢᠯᠡᠬᠦ ᠵᠢᠴᠢ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ︾    ᠭᠤᠷᠪᠠ᠂ ᠭᠤᠣᠯ ᠠᠭᠤᠯᠭ᠎ᠠ    ︽ᠠᠷᠭ᠎ᠠ︾ ᠨᠢ ᠨᠡᠶᠢᠲᠡ ᠳᠣᠯᠣᠭᠠᠨ ᠪᠦᠯᠦᠭ᠂ ᠭᠤᠴᠢᠨ ᠵᠤᠷᠪᠤᠰ᠃ ᠭᠤᠣᠯ ᠠᠭᠤᠯᠭ᠎ᠠ ᠶᠢ ᠲᠣᠳᠣᠷᠬᠠᠶᠢᠯᠠᠪᠠ     1. ᠠᠷᠭ᠎ᠠ ᠶᠢ ᠬᠡᠷᠡᠭᠯᠡᠬᠦ ᠬᠡᠪᠴᠢᠶ᠎ᠡ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠰᠢᠨᠵᠢ ᠴᠢᠨᠠᠷ ᠵᠢᠴᠢ ᠢᠯᠡᠷᠡᠭᠦᠯᠬᠦ ᠬᠡᠯᠪᠡᠷᠢ    2. ᠣᠷᠣᠯᠭ᠎ᠠ ᠶᠢ ᠠᠮᠢᠳᠤᠯᠢᠭᠵᠢᠭᠤᠯᠵᠤ᠂  ᠰᠢᠢᠳᠪᠦᠷᠢᠯᠡᠵᠦ᠂  ᠰᠢᠢᠳᠪᠦᠷᠢᠯᠡᠬᠦ ᠲᠣᠭᠲᠠᠭᠠᠯ ᠪᠣᠯᠤᠨ ᠬᠢᠵᠠᠭᠠᠷᠯᠠᠬᠤ᠃    3. ᠡᠳ᠋ ᠬᠥᠷᠥᠩᠭᠡ ᠬᠡᠷᠡᠭᠯᠡᠬᠦ ᠨᠢᠭᠡᠴᠡ᠂ ᠭᠤᠤᠯᠴᠢᠯᠠᠨ ᠬᠠᠮᠢᠶᠠᠷᠬᠤ ᠨᠢᠭᠡᠴᠡ᠂ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠣᠯᠤᠨ ᠪᠠᠶᠢᠭᠤᠯᠤᠮᠵᠢ᠃  4. ᠡᠳ᠋ ᠬᠥᠷᠥᠩᠭᠡ ᠶᠢ ᠠᠮᠢᠳᠤᠯᠢᠭᠵᠢᠭᠤᠯᠤᠨ ᠠᠰᠢᠭᠯᠠᠬᠤ ᠳᠤ ᠵᠢᠷᠤᠮᠯᠠᠬᠤ ᠵᠠᠷᠴᠢᠮ ᠪᠠ ᠠᠮᠢᠳᠤᠯᠢᠭ ᠪᠣᠯᠭᠠᠬᠤ ᠠᠷᠭ᠎ᠠ ᠮᠠᠶ᠋ᠢᠭ ᠃   5. ᠡᠳ᠋ ᠬᠥᠷᠥᠩᠭᠡ ᠶᠢ ᠰᠢᠢᠳᠪᠦᠷᠢᠯᠡᠬᠦ ᠵᠠᠷᠴᠢᠮ᠂ ᠬᠦᠷᠢᠶ᠎ᠡ ᠬᠡᠪᠴᠢᠶ᠎ᠡ᠂ ᠲᠥᠷᠥᠯ ᠵᠦᠢᠯ᠂ ᠬᠢᠵᠠᠭᠠᠷ ᠲᠤᠭ᠎ᠠ ᠪᠠ ᠬᠢᠨᠠᠨ ᠵᠥᠪᠰᠢᠶᠡᠷᠡᠬᠦ ᠳᠡᠰ ᠳᠠᠷᠠᠭᠠᠯᠠᠯ᠃    6. ᠡᠳ᠋ ᠬᠥᠷᠥᠩᠭᠡ ᠶᠢ ᠰᠢᠢᠳᠪᠦᠷᠢᠯᠡᠭᠰᠡᠨ ᠣᠷᠣᠯᠭ᠎ᠠ ᠶᠢ ᠬᠡᠷᠬᠢᠨ ᠵᠢᠷᠤᠮᠵᠢᠭᠤᠯᠤᠨ ᠬᠠᠮᠢᠶᠠᠷᠬᠤ ᠵᠡᠷᠭᠡ᠃    ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ    ᠲᠠᠶᠢᠯᠤᠮᠵᠢ ᠬᠢᠭᠴᠢ᠄ ᠵᠠᠩ ᠰᠢᠶᠤᠤ ᠰᠢᠶᠠ᠂ ᠬᠠᠷᠢᠯᠴᠠᠬᠤ ᠤᠲᠠᠰᠤ᠄ 0471 - 8152994
 
ᠢᠷᠡᠯᠲᠡ᠄ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号