ᠱᠠᠩᠳᠠ ᠪᠠᠯᠭᠠᠰᠤᠨ ᠤ ᠶᠠᠳᠠᠭᠤ ᠶᠢ ᠲᠡᠳᠬᠦᠬᠦ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠭᠠᠳᠠᠭᠰᠢ ᠲᠦᠷᠢᠶᠡᠰᠦᠯᠡᠭᠦᠯᠬᠦ ᠠᠯᠪᠠᠨ ᠵᠠᠷ
ᠨᠡᠶᠢᠲᠡᠯᠡᠭᠰᠡᠨ ᠴᠠᠭ᠄
2024/4/1
     ᠱᠠᠩᠳᠠ ᠪᠠᠯᠭᠠᠰᠤᠨ ᠳᠤ ᠤᠳᠤ ᠳᠠᠯᠠᠢ ᠲᠣᠰᠬᠤᠨ᠂  ᠴᠤᠪᠤᠭ᠎ᠠ ᠲᠣᠰᠬᠤᠨ᠂  ᠶᠡᠭᠡ ᠱᠠᠭᠠᠵᠢᠩᠲᠠᠢ ᠲᠣᠰᠬᠤᠨ ᠤ ᠶᠠᠳᠠᠭᠤ ᠶᠢ ᠲᠡᠳᠬᠦᠬᠦ ᠲᠡᠵᠢᠭᠡᠨ ᠦᠷᠡᠵᠢᠭᠦᠯᠬᠦ ᠭᠤᠷᠪᠠᠨ ᠰᠠᠭᠤᠷᠢᠨ ᠭᠠᠵᠠᠷ ᠢ ᠤᠳᠤ ᠨᠡᠶᠢᠭᠡᠮ ᠨᠡᠶᠢᠲᠡ ᠳᠤ ᠢᠯᠡ ᠪᠠᠷ ᠲᠦᠷᠢᠶᠡᠰᠦᠯᠡᠭᠦᠯᠵᠦ ᠪᠠᠶᠢᠨ᠎ᠠ᠃ ᠤᠳᠤ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠲᠦᠷᠢᠶᠡᠰᠦᠯᠡᠭᠦᠯᠬᠦ ᠣᠷᠣᠨ     ᠲᠣᠰ ᠤᠳᠠᠭ᠎ᠠ ᠶᠢᠨ ᠲᠦᠷᠢᠶᠡᠰᠦᠨ ᠮᠥᠩᠭᠦ ᠶᠢ ᠭᠤᠷᠪᠠᠨ ᠬᠡᠰᠡᠭ ᠲᠤ ᠬᠤᠪᠢᠶᠠᠨ᠎ᠠ᠄     ︵1︶  ᠳᠠᠯᠠᠢ ᠲᠣᠰᠬᠤᠨ ᠤ ᠪᠠᠷᠠᠭᠤᠨ ᠡᠮᠦᠨ᠎ᠡ ᠵᠦᠭ ᠤᠨ ᠶᠠᠳᠠᠭᠤ ᠶᠢ ᠲᠡᠳᠬᠦᠬᠦ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠨᠢᠭᠡ ᠭᠠᠵᠠᠷ 50 ᠮᠦ ᠭᠠᠵᠠᠷ ᠡᠵᠡᠯᠡᠵᠦ᠂ ᠳᠣᠲᠣᠷ᠎ᠠ ᠨᠢ 6 ᠬᠤᠨᠢᠨ ᠬᠠᠰᠢᠶ᠎ᠠ᠂ 1 ᠲᠠᠮᠢᠷ ᠤᠨ ᠲᠠᠯᠠᠪᠠᠶ᠂ 1 ᠲᠡᠵᠢᠭᠡᠯ ᠪᠣᠷᠳᠣᠭᠠᠨ ᠤ ᠭᠡᠷ᠂ 3 ᠠᠯᠪᠠᠨ ᠭᠡᠷ ᠪᠠᠭᠲᠠᠨ᠎ᠠ᠃     ︵2︶  ᠴᠤᠪᠤᠭ᠎ᠠ ᠲᠣᠰᠬᠤᠨ ᠤ ᠤᠮᠠᠷᠠᠲᠤ ᠶᠢᠨ ᠰᠢᠶᠠᠩ ᠶᠠᠳᠠᠭᠤ ᠶᠢ ᠲᠡᠳᠬᠦᠬᠦ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠨᠢᠭᠡ ᠳᠤ 25 ᠮᠦ ᠭᠠᠵᠠᠷ ᠡᠵᠡᠯᠡᠵᠦ᠂ ᠳᠣᠲᠣᠷ᠎ᠠ ᠨᠢ ᠦᠬᠡᠷ ᠤᠨ ᠬᠠᠰᠢᠶ᠎ᠠ 1᠂ ᠬᠤᠨᠢᠨ ᠬᠠᠰᠢᠶ᠎ᠠ 24᠂ ᠡᠪᠡᠰᠦᠨ ᠰᠠᠷᠠᠪᠴᠢ 1᠂ ᠪᠣᠷᠳᠣᠭᠠᠨ ᠤ ᠰᠠᠷᠠᠪᠴᠢ 12᠂ ᠠᠯᠪᠠᠨ ᠭᠡᠷ 6 ᠲᠠᠰᠤᠯᠭ᠎ᠠ ᠪᠠᠭᠲᠠᠨ᠎ᠠ᠃     ︵3︶  ᠶᠡᠭᠡ ᠱᠠᠭᠠᠵᠢᠩᠲᠠᠢ ᠲᠣᠰᠬᠤᠨ ᠤ ᠡᠮᠦᠨ᠎ᠡ ᠲᠠᠯ᠎ᠠ ᠶᠢᠨ ᠰᠢᠶᠠᠩ ᠶᠠᠳᠠᠭᠤ ᠶᠢ ᠲᠡᠳᠬᠦᠬᠦ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠨᠢᠭᠡ ᠭᠠᠵᠠᠷ ᠲᠤ 9 ᠮᠦ ᠭᠠᠵᠠᠷ ᠡᠵᠡᠯᠡᠵᠦ᠂ ᠡᠭᠦᠨ ᠳᠤ ᠲᠡᠵᠢᠭᠡᠨ ᠦᠷᠡᠵᠢᠭᠦᠯᠬᠦ ᠫᠧᠩ 1᠂ ᠨᠠᠭᠤᠷ ᠴᠥᠭᠦᠷᠥᠮ 1 ᠪᠠᠭᠲᠠᠨ᠎ᠠ᠃ᠬᠤᠶᠠᠷ᠂ ᠲᠦᠷᠢᠶᠡᠰᠦᠯᠡᠬᠦ ᠬᠤᠭᠤᠴᠠᠭ᠎ᠠ     ᠲᠣᠰ ᠤᠳᠠᠭᠠᠨ ᠤ ᠢᠯᠡ ᠪᠠᠷ ᠲᠦᠷᠢᠶᠡᠰᠦᠯᠡᠭᠦᠯᠵᠦ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠲᠦᠷᠢᠶᠡᠰᠦᠯᠡᠬᠦ ᠬᠤᠭᠤᠴᠠᠭ᠎ᠠ ᠨᠢ ᠭᠤᠷᠪᠠᠨ ᠵᠢᠯ ᠪᠣᠯᠣᠨ᠎ᠠ᠃ᠭᠤᠷᠪᠠ᠂ ᠲᠦᠷᠢᠶᠡᠰᠦᠯᠡᠭᠦᠯᠬᠦ ᠪᠠᠷ ᠥᠷᠢᠰᠦᠯᠳᠦᠬᠦ ᠡᠲᠡᠭᠡᠳ     1. ᠲᠦᠷᠢᠶᠡᠰᠦᠯᠡᠭᠦᠯᠦᠭᠴᠢ ᠨᠢ ᠠᠵᠤ ᠠᠬᠤᠶᠢᠯᠠᠯ ᠬᠠᠤᠯᠢ ᠶᠢᠨ ᠬᠥᠮᠥᠨ᠂ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠤᠰᠤᠳ ᠵᠣᠬᠢᠶᠠᠨ ᠪᠠᠶᠢᠭᠤᠯᠤᠯᠲᠠ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠪᠠ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠭᠠᠯᠢ ᠬᠥᠮᠥᠨ᠃     2. ᠥᠷᠢᠰᠦᠯᠳᠦᠨ ᠲᠦᠷᠢᠶᠡᠰᠦᠯᠡᠭᠦᠯᠦᠭᠴᠢ ᠨᠢ ᠪᠠᠰᠠ ᠳᠣᠣᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ     ︵1︶ ᠨᠡᠯᠢᠶᠡᠳ ᠰᠠᠶᠢᠨ ᠡᠳ᠋ ᠤᠨ ᠶᠠᠪᠤᠳᠠᠯ ᠤᠨ ᠪᠠᠶᠢᠳᠠᠯ ᠪᠠ ᠲᠥᠯᠥᠬᠦ ᠴᠢᠳᠠᠪᠤᠷᠢ ᠲᠠᠢ ᠪᠠᠶᠢᠬᠤ᠃     ︵2︶ ᠰᠠᠶᠢᠨ ᠰᠠᠶᠢᠬᠠᠨ ᠬᠤᠳᠠᠯᠳᠤᠭᠠᠨ ᠤ ᠢᠲᠡᠭᠡᠮᠵᠢ ᠲᠠᠢ ᠪᠠᠶᠢᠬᠤ᠃ᠳᠥᠷᠪᠡ᠂ ᠨᠡᠷ᠎ᠡ ᠮᠡᠳᠡᠭᠦᠯᠬᠦ ᠠᠷᠭ᠎ᠠ ᠮᠠᠶ᠋ᠢᠭ     1. ᠨᠡᠷ᠎ᠡ ᠮᠡᠳᠡᠭᠦᠯᠬᠦ ᠭᠠᠵᠠᠷ᠄  ᠱᠠᠩᠳᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ     2. ᠬᠠᠷᠢᠯᠴᠠᠬᠤ ᠤᠲᠠᠰᠤ᠄ 0471-8318006                           15771369886     3.ᠥᠷᠢᠰᠦᠯᠳᠦᠨ ᠲᠦᠷᠢᠶᠡᠰᠦᠯᠡᠭᠦᠯᠦᠭᠴᠢ ᠨᠡᠷ᠎ᠡ ᠮᠡᠳᠡᠭᠦᠯᠬᠦ ᠦᠶ᠎ᠡ ᠳᠤ ᠲᠦᠷᠢᠶᠡᠰᠦᠯᠡᠭᠦᠯᠦᠭᠴᠢ ᠳᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄ ᠬᠠᠤᠯᠢ ᠶᠢᠨ ᠬᠥᠮᠥᠨ᠂ ᠪᠤᠰᠤᠳ ᠵᠣᠬᠢᠶᠠᠨ ᠪᠠᠶᠢᠭᠤᠯᠤᠯᠲᠠ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠵᠢᠴᠢ ᠲᠡᠭᠦᠨ ᠤ ᠪᠠᠭᠤᠯᠭᠠᠪᠤᠷᠢ ︵ᠠᠯᠪᠠᠨ ᠲᠠᠮᠠᠭ᠎ᠠ ᠳᠠᠷᠤᠨ᠎ᠠ︶᠂ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠵᠢᠴᠢ ᠪᠠᠭᠤᠯᠭᠠᠪᠤᠷᠢ ᠶᠢ ᠲᠤᠰᠢᠶᠠᠬᠤ ᠬᠡᠷᠡᠭᠲᠡᠢ᠃ ᠪᠠᠶᠢᠭᠠᠯᠢ ᠬᠥᠮᠥᠨ ᠪᠡᠶ᠎ᠡ ᠶᠢᠨ ᠦᠨᠡᠮᠯᠡᠯ ᠵᠢᠴᠢ ᠲᠡᠭᠦᠨ ᠤ ᠪᠠᠭᠤᠯᠭᠠᠪᠤᠷᠢ ᠶᠢ ᠬᠠᠩᠭᠠᠨ᠎ᠠ᠃  
 
ᠢᠷᠡᠯᠲᠡ᠄ ᠲᠥᠮᠡᠳ‌ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号