ᠲᠦᠮᠡᠳ ᠵᠡᠭᠦᠨ ᠬᠤᠰᠢᠭᠤᠨ ᠤ 1-2 ᠰᠠᠷ᠎ᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/4/10
     ᠡᠨᠡ ᠵᠢᠯ ᠠᠴᠠ ᠨᠠᠰᠢ᠂ᠲᠦᠮᠡᠳ ᠵᠡᠭᠦᠨ‌ᠬᠤᠰᠢᠭᠤ ᠡᠷᠭᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠬᠢᠯᠡᠬᠦ ᠲᠠᠢ ᠵᠡᠷᠭᠡ ᠰᠢᠪᠲᠤᠯᠤᠯᠲᠠ ᠬᠢᠵᠦ᠂ ᠡᠬᠢᠯᠡᠬᠦ ᠲᠠᠢ ᠵᠡᠷᠭᠡ ᠰᠢᠢᠳᠪᠦᠷᠢᠲᠦ ᠪᠠᠶᠢᠯᠳᠤᠭᠠᠨ ᠬᠢᠬᠦ ᠥᠷᠢᠰᠦᠯᠳᠦᠭᠡᠨ ᠤ ᠳᠦᠷᠢ ᠪᠠᠶᠢᠳᠠᠯ ᠢᠶᠠᠷ ᠪᠥᠬᠦ ᠬᠦᠴᠦᠨ ᠢᠶᠠᠷ ᠢᠶᠠᠨ ᠲᠥᠷᠥ ᠶᠢᠨ ᠪᠣᠳᠣᠯᠭ᠎ᠠ ᠶᠢ ᠠᠬᠢᠭᠤᠯᠵᠤ᠂ ᠲᠥᠷᠥᠯ ᠵᠦᠢᠯ ᠢ ᠠᠳᠬᠤᠨ᠂ ᠦᠢᠯᠡᠴᠢᠯᠡᠭᠡ ᠪᠠᠨ ᠴᠢᠩᠭᠠᠳᠬᠠᠵᠤ᠂ 1︱2 ᠰᠠᠷ᠎ᠠ ᠳᠤ ᠪᠥᠬᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠳᠤ ᠰᠠᠶᠢᠵᠢᠷᠠᠬᠤ ᠬᠠᠨᠳᠤᠰᠢ ᠲᠠᠢ ᠪᠣᠯᠵᠤ᠂ ᠲᠣᠭᠲᠠᠭᠤᠨ ᠢᠶᠠᠷ ᠡᠬᠢᠯᠡᠯᠲᠡ ᠲᠠᠢ ᠪᠣᠯᠪᠠ᠃     ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠨᠡᠯᠢᠶᠡᠳ ᠰᠠᠶᠢᠨ ᠬᠥᠭᠵᠢᠯᠲᠡ ᠶᠢᠨ ᠪᠠᠶᠢᠳᠠᠯ ᠢᠶᠠᠨ ᠦᠷᠭᠦᠯᠵᠢᠯᠡᠭᠦᠯᠪᠡ     1︱2 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 16.4% ᠨᠡᠮᠡᠭᠳᠡᠵᠦ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 4.0 ᠵᠠᠭᠤᠨ ᠤ ᠬᠤᠪᠢ ᠴᠡᠭ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠵᠢᠷᠭᠤᠳᠤᠭᠠᠷ ᠲᠤ ᠵᠢᠭᠰᠠᠭᠠᠭᠳᠠᠵᠠᠢ᠃     ᠭᠤᠣᠯ ᠪᠣᠯᠬᠤ ᠲᠥᠷᠥᠯ ᠵᠦᠢᠯ ᠠᠴᠠ ᠦᠵᠡᠪᠡᠯ᠂ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 2.4% ᠪᠠᠭᠤᠷᠠᠵᠤ᠂  ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ 2.0ᠵᠠᠭᠤᠨ  ᠤ ᠬᠤᠪᠢ  ᠴᠡᠭ  ᠳᠤᠷᠤᠭᠰᠢ ᠲᠠᠲᠠᠵᠠᠢ᠃ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 21.9% ᠨᠡᠮᠡᠭᠳᠡᠵᠦ᠂  ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ 3.6 ᠵᠠᠭᠤᠨ ᠤ  ᠬᠤᠪᠢ ᠴᠡᠭ ᠳᠡᠭᠡᠭᠰᠢ ᠲᠠᠲᠠᠵᠠᠢ᠃ᠭᠤᠣᠯᠳᠠᠯᠭ᠎ᠠ ᠲᠠᠢ ᠠᠵᠤ ᠦᠢᠯᠡᠰ ᠢᠶᠠᠷ ᠠᠪᠴᠤ ᠦᠵᠡᠪᠡᠯ᠂ ᠰᠦ ᠶᠢᠨ ᠦᠢᠯᠡᠰ ᠵᠢᠴᠢ ᠳᠡᠭᠡᠳᠦ ᠳᠣᠣᠷᠠᠳᠤ ᠠᠵᠤ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 13.4% ᠨᠡᠮᠡᠭᠳᠡᠵᠦ᠂  ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ 7.5 ᠵᠠᠭᠤᠨ ᠤ  ᠬᠤᠪᠢ ᠴᠡᠭ ᠳᠡᠭᠡᠭᠰᠢ ᠲᠠᠲᠠᠵᠠᠢ᠃  ᠰᠢᠨ᠎ᠡ ᠡᠨᠧᠷᠭᠢ ᠰᠢᠨ᠎ᠡ ᠮᠠᠲ᠋ᠧᠷᠢᠶᠠᠯ ᠵᠢᠴᠢ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 13.8% ᠪᠠᠭᠤᠷᠠᠵᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 4.7 ᠵᠠᠭᠤᠨ  ᠤ ᠬᠤᠪᠢ  ᠴᠡᠭ  ᠳᠤᠷᠤᠭᠰᠢ ᠲᠠᠲᠠᠵᠠᠢ᠃     ᠭᠤᠣᠯ ᠠᠵᠢᠯ ᠲᠥᠷᠥᠯ ᠢᠶᠠᠷ ᠠᠪᠴᠤ ᠦᠵᠡᠪᠡᠯ᠂ ᠪᠥᠬᠦ ᠬᠤᠰᠢᠭᠤᠨ ᠤ 19 ᠠᠵᠤ ᠦᠢᠯᠡᠳᠪᠦᠷᠢ ᠶᠢᠨ ᠠᠵᠢᠯ ᠲᠥᠷᠥᠯ ᠤᠨ ᠶᠡᠭᠡ ᠲᠥᠷᠥᠯ ᠤᠨ ᠳᠣᠲᠣᠷ᠎ᠠ᠂ 5 ᠠᠵᠢᠯ ᠲᠥᠷᠥᠯ ᠤᠨ ᠵᠢᠩᠬᠢᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 26.3% ᠳᠤ ᠬᠦᠷᠴᠦ᠂  ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠨᠢ 11.6 ᠵᠠᠭᠤᠨ ᠤ ᠬᠤᠪᠢ ᠴᠡᠭ ᠳᠡᠭᠡᠭᠰᠢ ᠲᠠᠲᠠᠵᠠᠢ᠃     ᠬᠤᠶᠠᠷ᠂ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠪᠠ     1 — 2 ᠰᠠᠷ᠎ᠠ ᠳᠤ᠂ ᠪᠦᠭᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 7.2  ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.3% ᠨᠡᠮᠡᠭᠳᠡᠵᠦ᠂ ᠪᠦᠭᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 4.9 ᠵᠠᠭᠤᠨ ᠤ ᠬᠤᠪᠢ ᠴᠡᠭ ᠥᠨᠳᠥᠷ ᠪᠠᠶᠢᠵᠤ᠂ ᠨᠡᠮᠡᠭᠳᠡᠯ ᠤᠨ ᠬᠤᠷᠳᠤᠴᠠ ᠨᠢ ᠪᠦᠭᠦ ᠬᠤᠲᠠ ᠳᠤ ᠬᠤᠶᠠᠳᠤᠭᠠᠷ ᠲᠤ ᠵᠢᠭᠰᠠᠭᠠᠭᠳᠠᠵᠠᠢ᠃ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠳᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 6.1 ᠳ᠋ᠦᠩᠰᠢᠭᠤᠷ ᠲᠥᠭᠦᠷᠢᠭ ᠲᠤ ᠬᠦᠷᠴᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 1.1 ᠳ᠋ᠦᠩᠰᠢᠭᠤᠷ ᠲᠥᠭᠦᠷᠢᠭ ᠲᠤ ᠬᠦᠷᠴᠡᠢ᠃ ᠬᠡᠷᠡᠭᠯᠡᠭᠡᠨ ᠤ ᠲᠥᠷᠥᠯ ᠬᠡᠯᠪᠡᠷᠢ ᠪᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 6.6 ᠳ᠋ᠦᠩᠰᠢᠭᠤᠷ ᠲᠥᠭᠦᠷᠢᠭ ᠬᠦᠷᠴᠦ᠂ ᠢᠳᠡᠭᠡᠨ ᠤᠮᠳᠠᠭᠠᠨ ᠤ ᠣᠷᠣᠯᠭ᠎ᠠ 0.6 ᠳ᠋ᠦᠩᠰᠢᠭᠤᠷ ᠲᠥᠭᠦᠷᠢᠭ ᠬᠦᠷᠴᠡᠢ᠃     ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 68.4% ᠨᠡᠮᠡᠭᠳᠡᠪᠡ᠃ ᠡᠭᠦᠨ ᠳᠤ ᠠᠮᠤ ᠲᠣᠰᠣ ᠢᠳᠡᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 69.1% ᠨᠡᠮᠡᠭᠳᠡᠵᠦ᠂ ᠮᠠᠰᠢᠨ ᠲᠡᠷᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 156.3% ᠨᠡᠮᠡᠭᠳᠡᠵᠦ᠂ ᠡᠸᠦ᠋ᠷᠦᠫᠡ ᠡᠮ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 396.6% ᠨᠡᠮᠡᠭᠳᠡᠵᠡᠢ᠃ ᠢᠳᠡᠭᠡᠨ ᠤᠮᠳᠠᠭᠠᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 48.5% ᠪᠠᠷ ᠪᠠᠭᠤᠷᠠᠪᠠ᠃ ᠴᠢᠯᠠᠭᠤᠨ ᠲᠣᠰᠣᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 46.1% ᠪᠠᠭᠤᠷᠠᠪᠠ᠃ ᠪᠤᠰᠤᠳ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 25.9% ᠪᠠᠷ ᠨᠡᠮᠡᠭᠳᠡᠪᠡ᠃     ᠡᠭᠦᠨ ᠳᠤ᠂ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠪᠡᠶᠡᠯᠡᠭᠦᠯᠦᠭᠰᠡᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠢᠯᠡᠳᠲᠡ ᠨᠡᠮᠡᠭᠳᠡᠵᠦ᠂ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ  ᠬᠢ ᠠᠴᠠ 73.2% ᠨᠡᠮᠡᠭᠳᠡᠵᠡᠢ᠃ ᠪᠥᠬᠦ ᠬᠤᠰᠢᠭᠤᠨ ᠤ ᠬᠢᠵᠠᠭᠠᠷᠯᠠᠭᠰᠠᠨ ᠨᠡᠶᠢᠭᠡᠮ ᠤᠨ ᠪᠦᠲᠦᠭᠡᠭᠳᠡᠬᠦᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢᠨ 83.5% ᠶᠢ ᠡᠵᠡᠯᠡᠨ᠎ᠡ᠃     ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠯᠲᠡ ᠲᠠᠢ ᠪᠣᠯᠪᠠ     1-2 ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 109.9% ᠨᠡᠮᠡᠭᠳᠡᠵᠦ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 76.8 ᠵᠠᠭᠤᠨ ᠤ ᠨᠢᠭᠡᠴᠢ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠭᠤᠷᠪᠠᠳᠤᠭᠠᠷ ᠲᠤ ᠵᠢᠭᠰᠠᠭᠠᠭᠳᠠᠵᠠᠢ᠃      ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 55.6% ᠪᠠᠭᠤᠷᠠᠵᠤ᠂ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢᠨ 6.1% ᠶᠢ ᠡᠵᠡᠯᠡᠪᠡ᠃ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 276.7% ᠨᠡᠮᠡᠭᠳᠡᠵᠦ᠂ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢᠨ 83.3% ᠶᠢ ᠡᠵᠡᠯᠡᠪᠡ᠃ ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 10.3% ᠪᠠᠷ ᠪᠠᠭᠤᠷᠠᠵᠤ᠂ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢᠨ 10.6% ᠶᠢ ᠡᠵᠡᠯᠡᠪᠡ᠃      ᠪᠡᠯᠡ ᠣᠷᠣᠭᠤᠯᠤᠯᠲᠠ ᠶᠢᠨ ᠣᠷᠣᠨ ᠪᠦᠰᠡ ᠪᠠᠷ ᠬᠤᠪᠢᠶᠠᠵᠤ ᠦᠵᠡᠪᠡᠯ᠂ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠪᠥᠬᠦ ᠬᠤᠰᠢᠭᠤᠨ ᠤ ᠪᠥᠬᠦ ᠪᠡᠯᠡ ᠣᠷᠣᠭᠤᠯᠤᠯᠲᠠ ᠶᠢᠨ 92.4% ᠶᠢ ᠡᠵᠡᠯᠡᠵᠦ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 54.0% ᠬᠦᠷᠴᠦ᠂ ᠪᠤᠰᠤᠳ ᠣᠷᠣᠨ ᠪᠦᠰᠡ ᠶᠢᠨ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠪᠥᠬᠦ ᠬᠤᠰᠢᠭᠤᠨ ᠤ ᠪᠥᠬᠦ ᠪᠡᠯᠡ ᠣᠷᠣᠭᠤᠯᠤᠯᠲᠠ ᠶᠢᠨ 7.6% ᠶᠢ ᠡᠵᠡᠯᠡᠪᠡ᠃      ᠪᠡᠯᠡ ᠣᠷᠣᠭᠤᠯᠤᠯᠲᠠ ᠶᠢᠨ ᠬᠦᠷᠢᠶ᠎ᠡ ᠬᠡᠪᠴᠢᠶ᠎ᠡ ᠠᠴᠠ ᠦᠵᠡᠪᠡᠯ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 273.6% ᠨᠡᠮᠡᠭᠳᠡᠪᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 42.2% ᠪᠠᠭᠤᠷᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠣᠷᠣᠯᠠᠭᠤᠯᠤᠯᠲᠠ ᠶᠢᠨ ᠲᠠᠯᠠᠪᠠᠶ 14979 ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 199.0% ᠨᠡᠮᠡᠭᠳᠡᠪᠡ᠃      ᠲᠠᠷᠠᠭᠠᠴᠢ ᠶᠢᠨ ᠱᠠᠲᠤᠨ ᠳᠤ᠂ ᠲᠦᠮᠡᠳ ᠵᠡᠭᠦᠨ ᠬᠤᠰᠢᠭᠤᠨ ᠤ ᠬᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ᠂ ᠪᠥᠬᠦ ᠬᠦᠴᠦᠨ ᠢᠶᠠᠷ ᠢᠶᠠᠨ ᠨᠡᠮᠡᠭᠳᠡᠯ ᠢ ᠲᠣᠭᠲᠠᠪᠤᠷᠢᠵᠢᠭᠤᠯᠬᠤ᠂ ᠪᠣᠳᠠᠲᠤ ᠴᠣᠭᠴᠠ ᠶᠢ ᠬᠦᠴᠦᠷᠬᠡᠭᠵᠢᠭᠦᠯᠬᠦ᠂ ᠢᠲᠡᠭᠡᠯ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠪᠠᠷᠢᠮᠲᠠᠯᠠᠨ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠲᠠᠰᠤᠷᠠᠯᠲᠠ ᠦᠭᠡᠢ ᠪᠠᠬᠢᠵᠢᠭᠦᠯᠦᠨ ᠴᠢᠩᠭᠠᠳᠬᠠᠵᠤ᠂ ᠲᠦᠮᠡᠳ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃  
 
ᠢᠷᠡᠯᠲᠡ᠄ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号