ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 4 ᠳ᠋ᠦᠭᠡᠷ ᠰᠠᠷ᠎ᠠ ᠳᠤ ᠵᠡᠮᠳᠡᠭᠴᠦᠳ ᠤᠨ ᠬᠤᠶᠠᠷ ᠵᠦᠢᠯ ᠤᠨ ᠨᠥᠬᠦᠪᠦᠷᠢ ᠪᠡᠯᠡ ᠮᠥᠩᠭᠦ ᠶᠢ 146.48 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2024/4/11
      2024 ᠣᠨ ᠤ 4 ᠰᠠᠷ᠎ᠠ ᠳᠤ᠂ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠮᠥᠩᠭᠦ᠂ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠮᠥᠩᠭᠦ ᠨᠡᠶᠢᠲᠡ 146.48 ᠲᠦᠮᠡᠨ ᠲᠥᠭᠦᠷᠢᠭ ᠪᠠᠭᠤᠯᠭᠠᠪᠠ᠃ ᠪᠡᠯᠡ ᠮᠥᠩᠭᠦ ᠶᠢᠨ ᠠᠮᠤᠷ ᠲᠦᠪᠰᠢᠨ ᠪᠠ ᠬᠡᠷᠡᠭᠯᠡᠭᠡᠨ ᠤ ᠦᠷ᠎ᠡ ᠠᠰᠢᠭ ᠢ ᠪᠠᠲᠤᠯᠠᠭᠰᠠᠨ ᠤᠷᠢᠲᠠᠯ ᠳᠣᠣᠷ᠎ᠠ᠂ ᠵᠠᠷᠤᠯᠭ᠎ᠠ ᠶᠢᠨ ᠠᠬᠢᠴᠠ ᠶᠢ ᠦᠨᠡᠨᠬᠦ ᠲᠦᠷᠭᠡᠳᠬᠡᠵᠦ᠂ ᠨᠥᠬᠦᠪᠦᠷᠢ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠨᠥᠬᠦᠴᠡᠯ ᠳᠤ ᠨᠡᠶᠢᠴᠡᠬᠦ ᠪᠠᠲᠤᠯᠠᠭ᠎ᠠ ᠶᠢᠨ ᠡᠲᠡᠭᠡᠳ ᠲᠤ ᠦᠨᠡᠨᠬᠦ ᠠᠰᠢᠭ ᠬᠦᠷᠲᠡᠭᠡᠨ᠎ᠡ᠃     ᠵᠡᠮᠳᠡᠭᠴᠦᠳ ᠤᠨ ᠬᠤᠶᠠᠷ ᠵᠦᠢᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠪᠣᠯ ᠠᠷᠠᠳ ᠤᠨ ᠠᠮᠢᠳᠤᠷᠠᠯ ᠢ ᠪᠠᠲᠤᠯᠠᠬᠤ᠂ ᠬᠢᠵᠠᠭᠠᠷ ᠱᠤᠭᠤᠮ ᠢ ᠪᠠᠲᠤᠯᠠᠬᠤ᠂ ᠲᠥᠪ ᠭᠤᠥᠯᠴᠢ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠵᠡᠮᠳᠡᠭᠴᠦᠳ ᠤᠨ ᠣᠷᠣᠰᠢᠨ ᠲᠣᠭᠲᠠᠨᠢᠵᠤ ᠬᠥᠭᠵᠢᠬᠦ ᠡᠷᠬᠡ ᠠᠰᠢᠭ ᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃  
 
ᠢᠷᠡᠯᠲᠡ᠄ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号