ᠭᠤᠣᠯ ᠰᠡᠳᠦᠪ᠄ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠬᠠᠮᠢᠶᠠᠷᠤᠯᠲᠠ ᠶᠢ | ᠴᠢᠩᠭᠠᠳᠬᠠᠵᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ | ᠠᠬᠢᠭᠤᠯᠤᠨ᠎ᠠ | ᠴᠠᠭ᠄ 2024 ︱ 04 ︱ 12 10᠄ 00 | ᠵᠣᠴᠢᠨ᠄ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠥᠳᠡᠭᠡ ᠲᠣᠰᠬᠤᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠶᠢᠨ ᠳᠠᠷᠤᠭ᠎ᠠ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ | ᠯᠢᠦ ᠪᠥᠸᠧ᠂ ᠦᠷ᠎ᠡ ᠪᠦᠲᠦᠭᠡᠯ ᠤᠨ ᠬᠠᠮᠢᠶᠠᠷᠤᠯᠲᠠ ᠬᠢᠭᠡᠳ ᠬᠤᠪᠢᠷᠠᠭᠤᠯᠤᠯᠲᠠ ᠶᠢᠨ ᠰᠠᠯᠠᠭ᠎ᠠ ᠶᠢᠨ ᠳᠠᠷᠤᠭ᠎ᠠ | ᠰᠦᠨ ᠴᠢ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ | ᠲᠥᠪ ᠤᠨ ᠳᠡᠭᠡᠳᠦ ᠵᠡᠷᠭᠡ ᠶᠢᠨ ᠢᠨᠵᠧᠨᠧᠷ ᠵᠣᠣ ᠽᠠᠨᠳᠠᠨ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | | | ᠬᠠᠮᠢᠶᠠᠷᠤᠭᠴᠢ᠄ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠢ ᠰᠣᠷᠪᠤᠯᠵᠢᠯᠠᠭ᠎ᠠ ᠪᠣᠯᠣᠨ᠎ᠠ᠃ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ | ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ᠄ | ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠠᠵᠢᠯ ᠪᠣᠯ ᠮᠡᠷᠭᠡᠵᠢᠯ ᠤᠨ ᠰᠢᠯᠵᠢᠯᠲᠡ ᠶᠢᠨ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠨᠢᠭᠡ ᠵᠦᠢᠯ ᠤᠨ ᠰᠠᠭᠤᠷᠢ ᠴᠢᠨᠠᠷᠲᠠᠢ᠂ ᠤᠷᠲᠤ ᠬᠤᠭᠤᠴᠠᠭᠠᠨ ᠤ | ᠴᠢᠨᠠᠷᠲᠠᠢ ᠠᠵᠢᠯ ᠪᠣᠯᠣᠨ᠎ᠠ᠃ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠠᠵᠢᠯ ᠢ | ᠥᠷᠨᠢᠭᠦᠯᠬᠦ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠮᠡᠷᠭᠡᠵᠢᠯ ᠤᠨ ᠵᠠᠬ᠎ᠠ ᠳᠡᠯᠭᠡᠭᠦᠷ ᠤᠨ ᠬᠢᠨᠠᠨ ᠬᠡᠮᠵᠢᠬᠦ ᠪᠠ ᠪᠦᠷᠢᠳᠬᠡᠨ ᠵᠠᠳᠠᠯᠬᠤ ᠶᠢ ᠪᠦᠲᠦᠮᠵᠢᠲᠡᠶ ᠥᠷᠨᠢᠭᠦᠯᠵᠦ᠂ | ᠵᠠᠰᠠᠭ ᠤᠨ ᠣᠷᠳᠣᠨ ᠤ ᠬᠠᠮᠢᠶ᠎ᠠ ᠪᠦᠬᠦᠢ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠢᠳᠡᠪᠬᠢᠲᠡᠢ ᠲᠥᠷᠥ ᠶᠢᠨ | ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ ᠳᠤ ᠦᠨᠳᠦᠰᠦᠯᠡᠯ ᠬᠠᠩᠭᠠᠬᠤ ᠶᠢᠨ ᠬᠠᠮᠲᠤ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠤᠯᠤᠰ ᠠᠴᠠ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ ᠳᠤ ᠲᠣᠭᠲᠠᠭᠠᠭᠰᠠᠨ ᠭᠠᠶᠢᠯᠢ ᠲᠠᠲᠠᠪᠤᠷᠢ᠂ | ᠢᠲᠡᠭᠡᠮᠵᠢᠲᠦ ᠵᠢᠭᠡᠯᠡᠯᠭᠡ ᠪᠠ ᠱᠠᠩᠨᠠᠯ ᠬᠥᠬᠢᠭᠦᠯᠦᠯ ᠵᠡᠷᠭᠡ ᠲᠠᠯ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠬᠦᠷᠲᠡᠭᠡᠨ᠎ᠡ᠃ ᠮᠡᠷᠭᠡᠵᠢᠯ ᠤᠨ ᠭᠡᠷ᠎ᠡ ᠨᠢ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠰᠢᠯᠵᠢᠯᠲᠡ ᠶᠢᠨ ᠪᠠᠶᠢᠳᠠᠯ ᠢ ᠲᠤᠰᠬᠠᠭᠰᠠᠨ ᠢᠶᠠᠷ ᠪᠠᠷᠠᠬᠤ ᠦᠭᠡᠢ ᠪᠠᠰᠠ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶᠢᠯᠠᠯ ᠤᠨ ᠲᠦᠷᠭᠡᠨ ᠪᠤᠶᠢᠵᠢᠯᠲᠠ ᠳᠤ ᠬᠦᠴᠦᠨ ᠨᠡᠮᠡᠷᠢᠯᠡᠬᠦ ᠴᠢᠬᠤᠯᠠ ᠨᠢᠭᠡ ᠭᠤᠭᠴᠤᠭ᠎ᠠ | ᠪᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠵᠣᠷᠢᠭᠵᠢᠭᠤᠯᠬᠤ᠂ | ᠮᠡᠷᠭᠡᠵᠢᠯ ᠤᠨ ᠵᠠᠬ᠎ᠠ ᠳᠡᠯᠭᠡᠭᠦᠷ ᠤᠨ ᠴᠡᠴᠡᠭᠯᠡᠨ ᠬᠥᠭᠵᠢᠬᠦ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ | ᠪᠠᠶᠢᠨ᠎ᠠ᠃ | ᠬᠥᠲᠥᠯᠥᠭᠴᠢ ᠄ | ᠡᠩ ᠲᠡᠷᠢᠭᠦᠨ ᠳᠤ ᠮᠡᠷᠭᠡᠵᠢᠯ ᠤᠨ ᠭᠡᠷ᠎ᠡ ᠵᠢᠴᠢ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ | ᠳᠠᠩᠰᠠᠯᠠᠬᠤ ᠶᠢᠨ ᠪᠣᠳᠠᠲᠠᠢ ᠤᠬᠠᠭᠳᠠᠬᠤᠨ ᠢ ᠲᠠᠨᠢᠯᠴᠠᠭᠤᠯᠤᠶ᠎ᠠ᠃ ᠶᠠᠭᠤ ᠶᠢ ᠮᠡᠷᠭᠡᠵᠢᠯ ᠤᠨ ᠭᠡᠷ᠎ᠡ ᠵᠢᠴᠢ | ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠭᠡᠬᠦ ᠪᠤᠢ︖ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠥᠳᠡᠭᠡ ᠲᠣᠰᠬᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠰᠠᠯᠠᠭᠠᠨ ᠤ ᠳᠠᠷᠤᠭ᠎ᠠ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ ᠪᠥᠸᠧ | ᠄ | ᠮᠡᠷᠭᠡᠵᠢᠯ ᠤᠨ ᠭᠡᠷ᠎ᠡ ᠶᠢ ᠪᠣᠯ ᠲᠤᠬᠠᠢ ᠶᠢᠨ ᠬᠥᠮᠥᠨ ᠨᠢ ᠮᠡᠷᠭᠡᠵᠢᠯ ᠢ ᠨᠡᠭᠡᠭᠡᠨ ᠠᠰᠢᠭᠯᠠᠬᠤ᠂ ᠰᠢᠯᠵᠢᠭᠦᠯᠦᠨ | ᠥᠭᠬᠦ᠂ ᠵᠥᠪᠰᠢᠶᠡᠷᠡᠬᠦ᠂ ᠵᠥᠪᠯᠡᠯᠭᠡ ᠥᠭᠬᠦ ᠪᠤᠶᠤ ᠦᠢᠯᠡᠴᠢᠯᠡᠭᠡ ᠶᠢᠨ ᠲᠤᠬᠠᠢ ᠲᠣᠭᠲᠠᠭᠠᠭᠰᠠᠨ ᠶᠤᠮ᠃ | ᠬᠤᠭᠤᠷᠣᠨᠳᠤ ᠶᠢᠨ ᠡᠷᠬᠡ ᠪᠠ ᠡᠭᠦᠷᠭᠡ ᠶᠢ ᠲᠣᠭᠲᠠᠭᠠᠬᠤ ᠭᠡᠷ᠎ᠡ᠂ ᠥᠭᠡᠷ᠎ᠡ ᠪᠠᠷ ᠬᠡᠯᠡᠪᠡᠯ ᠮᠡᠷᠭᠡᠵᠢᠯ ᠢ ᠮᠡᠷᠭᠡᠵᠢᠯ ᠤᠨ | ᠬᠠᠩᠭᠠᠯᠭ᠎ᠠ᠂ ᠬᠤᠳᠠᠯᠳᠤᠬᠤ ᠴᠢᠭᠯᠡᠯ ᠤᠨ ᠮᠡᠷᠭᠡᠵᠢᠯ ᠤᠨ ᠬᠡᠷᠡᠭᠴᠡᠭᠡᠨ ᠤ ᠡᠲᠡᠭᠡᠳ᠂ ᠬᠤᠳᠠᠯᠳᠤᠨ ᠠᠪᠬᠤ ᠲᠠᠯ᠎ᠠ ᠠᠴᠠ | ᠰᠢᠯᠵᠢᠭᠦᠯᠵᠦ ᠪᠠᠶᠢᠭᠠᠳ ᠲᠣᠭᠲᠠᠭᠠᠭᠰᠠᠨ ᠭᠡᠷ᠎ᠡ ᠶᠢ ᠬᠡᠷᠡᠭᠯᠡᠬᠦ ᠬᠡᠪᠴᠢᠶ᠎ᠡ ᠶᠢ ᠨᠢ ᠦᠨᠳᠦᠰᠦᠯᠡᠨ ᠪᠠᠰᠠ 5 ᠶᠡᠭᠡ | ᠲᠦᠷᠦᠯ ᠳᠤ ᠬᠤᠪᠢᠶᠠᠨ᠎ᠠ᠃ ᠡᠨᠡ ᠨᠢ ᠲᠤᠰ ᠲᠤᠰ ᠮᠡᠷᠭᠡᠵᠢᠯ ᠢ ᠨᠡᠭᠡᠭᠡᠨ ᠠᠰᠢᠭᠯᠠᠬᠤ ᠭᠡᠷ᠎ᠡ᠂ ᠮᠡᠷᠭᠡᠵᠢᠯ ᠢ | ᠰᠢᠯᠵᠢᠭᠦᠯᠦᠨ ᠥᠭᠬᠦ ᠭᠡᠷ᠎ᠡ᠂ ᠮᠡᠷᠭᠡᠵᠢᠯ ᠤᠨ ᠵᠥᠪᠯᠡᠯᠭᠡ ᠥᠭᠬᠦ ᠭᠡᠷ᠎ᠡ᠂ ᠮᠡᠷᠭᠡᠵᠢᠯ ᠤᠨ ᠦᠢᠯᠡᠴᠢᠯᠡᠭᠡᠨ ᠤ ᠭᠡᠷ᠎ᠡ ᠪᠠ | ᠮᠡᠷᠭᠡᠵᠢᠯ ᠤᠨ ᠵᠥᠪᠰᠢᠶᠡᠷᠡᠯ ᠤᠨ ᠭᠡᠷ᠎ᠡ ᠪᠣᠯᠣᠨ᠎ᠠ᠃ ᠮᠡᠷᠭᠡᠵᠢᠯ ᠤᠨ ᠭᠡᠷ᠎ᠡ ᠲᠣᠭᠲᠠᠭᠰᠠᠨ ᠤ ᠳᠠᠷᠠᠭ᠎ᠠ ᠭᠡᠷ᠎ᠡ ᠶᠢᠨ | ᠬᠦᠴᠦᠨ ᠲᠠᠢ ᠬᠤᠭᠤᠴᠠᠭᠠᠨ ᠳᠤ ᠲᠤᠬᠠᠢ ᠶᠢᠨ ᠭᠠᠵᠠᠷ ᠤᠨ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ | ᠳᠠᠩᠰᠠᠯᠠᠬᠤ ᠪᠠᠶᠢᠭᠤᠯᠤᠮᠵᠢ ᠳᠤ ᠮᠠᠭᠠᠳᠯᠠᠨ ᠲᠣᠭᠲᠠᠭᠠᠵᠤ ᠳᠠᠩᠰᠠᠯᠠᠭᠤᠯᠬᠤ ᠪᠠᠷ ᠭᠤᠶᠤᠴᠢᠯᠠᠬᠤ ᠬᠡᠷᠡᠭᠲᠡᠢ᠃ | ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠪᠠᠶᠢᠭᠤᠯᠤᠮᠵᠢ ᠠᠴᠠ ᠲᠤᠬᠠᠢ ᠶᠢᠨ ᠬᠥᠮᠥᠨ ᠤ ᠮᠡᠳᠡᠭᠦᠯᠦᠭᠰᠡᠨ | ᠭᠡᠷ᠎ᠡ ᠶᠢᠨ ᠪᠢᠴᠢᠭ ᠲᠤ ᠬᠤᠯᠪᠣᠭᠳᠠᠭᠰᠠᠨ ᠮᠡᠷᠭᠡᠵᠢᠯ ᠤᠨ ᠠᠭᠤᠯᠭ᠎ᠠ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠵᠦ᠂ | ᠨᠥᠬᠦᠴᠡᠯ ᠳᠤ ᠨᠡᠶᠢᠴᠡᠭᠰᠡᠨ ᠢ ᠨᠢ ᠲᠦᠷᠦᠯ ᠬᠤᠪᠢᠶᠠᠨ ᠳᠠᠩᠰᠠᠯᠠᠬᠤ ᠶᠢᠨ ᠬᠠᠮᠲᠤ ᠮᠡᠷᠭᠡᠵᠢᠯ ᠤᠨ ᠭᠡᠷ᠎ᠡ ᠶᠢᠨ | ᠮᠡᠷᠭᠡᠵᠢᠯ ᠤᠨ ᠠᠷᠠᠯᠵᠢᠶᠠᠨ ᠤ ᠲᠤᠭ᠎ᠠ ᠶᠢ ᠬᠢᠨᠠᠨ ᠲᠣᠭᠲᠠᠭᠠᠨ᠎ᠠ᠃ ᠡᠨᠡ ᠪᠣᠯ ᠳᠠᠷᠤᠢ ᠮᠠᠨ ᠤ ᠬᠡᠯᠡᠳᠡᠭ ᠮᠡᠷᠭᠡᠵᠢᠯ ᠤᠨ | ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠶᠠᠪᠤᠳᠠᠯ ᠪᠣᠯᠣᠨ᠎ᠠ᠃ ᠮᠠᠨ ᠤ ᠬᠤᠲᠠ ᠳᠤ ᠬᠠᠤᠯᠢ ᠶᠣᠰᠣᠭᠠᠷ | ᠳᠠᠩᠰᠠᠯᠠᠭᠤᠯᠤᠭᠰᠠᠨ ᠪᠥᠭᠡᠳ ᠭᠠᠶᠢᠯᠢ ᠲᠤᠰᠢᠶᠠᠬᠤ ᠬᠠᠤᠯᠢ ᠶᠢᠨ ᠡᠷᠬᠡᠲᠡᠨ᠂ ᠪᠤᠰᠤᠳ ᠵᠣᠬᠢᠶᠠᠨ ᠪᠠᠶᠢᠭᠤᠯᠤᠯᠲᠠ | ᠵᠢᠴᠢ ᠪᠠᠶᠢᠭᠠᠯᠢ ᠬᠥᠮᠥᠨ ᠪᠦᠷ ᠭᠤᠶᠤᠴᠢᠯᠠᠨ ᠭᠦᠢᠴᠡᠳᠬᠡᠵᠦ ᠪᠣᠯᠣᠨ᠎ᠠ᠂ ᠡᠩ ᠤᠨ ᠪᠠᠶᠢᠳᠠᠯ ᠳᠤ ᠮᠡᠷᠭᠡᠵᠢᠯ ᠤᠨ | ᠠᠷᠠᠯᠵᠢᠶᠠᠨ ᠤ ᠬᠤᠳᠠᠯᠳᠤᠭᠴᠢ ᠠᠴᠠ ᠭᠤᠶᠤᠴᠢᠯᠠᠨ ᠮᠡᠳᠡᠭᠦᠯᠵᠦ᠂ ᠮᠡᠷᠭᠡᠵᠢᠯ ᠢ ᠭᠠᠳᠠᠭᠠᠳᠤ ᠠᠴᠠ ᠣᠷᠣᠭᠤᠯᠬᠤ | ᠭᠡᠷ᠎ᠡ ᠶᠢ ᠬᠤᠳᠠᠯᠳᠤᠨ ᠠᠪᠤᠭᠴᠢ ᠠᠴᠠ ᠭᠤᠶᠤᠴᠢᠯᠠᠨ ᠭᠦᠢᠴᠡᠳᠬᠡᠵᠦ ᠪᠣᠯᠣᠨ᠎ᠠ᠃ | ᠬᠥᠲᠥᠯᠥᠭᠴᠢ ᠄ | ᠣᠳᠣᠬᠠᠨ ᠳᠤ ᠮᠠᠨ ᠤ ᠬᠤᠲᠠ ᠶᠢᠨ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠠᠵᠢᠯ ᠢ | ᠬᠢᠷᠢ ᠵᠡᠷᠭᠡ ᠥᠷᠨᠢᠭᠦᠯᠵᠦ ᠪᠠᠶᠢᠬᠤ ᠲᠤᠬᠠᠢ ᠡᠨᠡ ᠲᠠᠯ᠎ᠠ ᠶᠢᠨ ᠪᠠᠶᠢᠳᠠᠯ ᠢ ᠲᠠᠨᠢᠯᠴᠠᠭᠤᠯᠤᠶ᠎ᠠ᠃ | ᠦᠷ᠎ᠡ ᠪᠦᠲᠦᠭᠡᠯ ᠤᠨ ᠬᠠᠮᠢᠶᠠᠷᠤᠯᠲᠠ ᠬᠢᠭᠡᠳ ᠬᠤᠪᠢᠷᠠᠭᠤᠯᠤᠯᠲᠠ ᠶᠢᠨ ᠰᠠᠯᠠᠭᠠᠨ ᠤ ᠳᠠᠷᠤᠭ᠎ᠠ ᠰᠦᠨ ᠴᠢ᠄ | ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠠᠵᠢᠯ ᠪᠣᠯ ᠮᠡᠷᠭᠡᠵᠢᠯ ᠤᠨ ᠴᠢᠬᠤᠯᠠ | ᠬᠦᠴᠦᠨ ᠵᠦᠢᠯ ᠤᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠴᠢᠨᠠᠷᠲᠠᠢ ᠠᠵᠢᠯ ᠪᠣᠯᠣᠨ᠎ᠠ᠃ | ᠲᠡᠭᠦᠨ ᠤ ᠠᠷᠠᠯᠵᠢᠶ᠎ᠠ ᠪᠦᠲᠦᠭᠰᠡᠨ ᠲᠤᠭ᠎ᠠ ᠬᠡᠮᠵᠢᠶ᠎ᠡ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢᠨ ᠪᠣᠳᠠᠲᠤ ᠦᠷ᠎ᠡ ᠪᠦᠲᠦᠮᠵᠢ ᠶᠢ ᠬᠡᠮᠵᠢᠬᠦ᠂ ᠮᠡᠷᠭᠡᠵᠢᠯ ᠤᠨ ᠵᠠᠬ᠎ᠠ ᠳᠡᠯᠭᠡᠭᠦᠷ ᠤᠨ | ᠬᠥᠳᠡᠯᠦᠩᠭᠦᠢ ᠪᠠᠶᠢᠳᠠᠯ ᠢ ᠡᠵᠡᠮᠳᠡᠬᠦ ᠴᠢᠬᠤᠯᠠ ᠦᠨᠳᠦᠰᠦᠯᠡᠯ ᠪᠣᠯᠣᠨ᠎ᠠ᠃ ᠡᠳᠦᠭᠡ ᠨᠢᠭᠡᠨᠲᠡ ᠥᠪᠡᠷᠲᠡᠭᠡᠨ ᠵᠠᠰᠠᠬᠤ | ᠣᠷᠣᠨ ᠤ ᠠᠶᠢᠮᠠᠭ ᠬᠤᠲᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠳᠤ | ᠣᠷᠣᠭᠤᠯᠤᠭᠰᠠᠨ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠢ ᠬᠡᠷᠡᠭᠵᠢᠭᠦᠯᠦᠭᠰᠡᠨ ᠪᠥᠭᠡᠳ ︽ᠮᠣᠩᠭᠤᠯ ᠰᠢᠨᠵᠢᠯᠡᠬᠦ ᠤᠬᠠᠭᠠᠨ ᠮᠡᠷᠭᠡᠵᠢᠯ ᠤᠨ ᠴᠤᠭᠯᠠᠷᠠᠯ | ︾ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠤᠨ ᠶᠡᠷᠦᠩᠬᠡᠢ ᠴᠣᠩᠬᠤᠨ ᠤ ᠪᠦᠲᠦᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠡᠬᠢ ᠪᠠᠶᠠᠯᠢᠭ ᠢ ᠲᠥᠪᠯᠡᠷᠡᠭᠦᠯᠦᠭᠰᠡᠨ᠂ ᠮᠡᠷᠭᠡᠵᠢᠯ ᠤᠨ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ | ᠲᠣᠬᠢᠷᠠᠭᠤᠯᠬᠤ ᠶᠢ ᠠᠬᠢᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠷᠦᠩᠬᠡᠶᠢᠯᠡᠭᠰᠡᠨ | ᠦᠢᠯᠡᠴᠢᠯᠡᠭᠡᠨ ᠤ ᠲᠠᠪᠴᠠᠩ ᠢ ᠪᠣᠶ ᠪᠣᠯᠭᠠᠪᠠ᠃ 2023 ᠣᠨ ᠳᠤ ᠬᠥᠬᠡᠬᠤᠲᠠ ᠶᠢᠨ ᠭᠠᠵᠠᠷ ᠣᠷᠣᠨ ᠤ ᠨᠤᠲᠠᠯᠠᠨ | ᠲᠣᠭᠲᠠᠭᠠᠵᠤ ᠳᠠᠩᠰᠠᠯᠠᠭᠰᠠᠨ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠶᠡᠷᠦᠩᠬᠡᠢ ᠲᠤᠭ᠎ᠠ 15 | ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 16% ᠪᠠᠷ ᠨᠡᠮᠡᠭᠳᠡᠵᠦ᠂ ᠥᠪᠡᠷᠲᠡᠭᠡᠨ | ᠵᠠᠰᠠᠬᠤ ᠣᠷᠣᠨ ᠤ ᠮᠠᠭᠠᠳᠯᠠᠨ ᠲᠣᠭᠲᠠᠭᠠᠵᠤ ᠳᠠᠩᠰᠠᠯᠠᠬᠤ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠪᠥᠬᠦ | ᠲᠣᠭᠠᠨ ᠤ ᠪᠠᠷᠤᠭ ᠳᠥᠷᠪᠡᠨ ᠤ ᠨᠢᠭᠡ ᠬᠤᠪᠢ ᠶᠢ ᠡᠵᠡᠯᠡᠵᠦ᠂ ᠪᠥᠬᠦ ᠣᠷᠣᠨ ᠤ ᠨᠢᠭᠡᠳᠦᠭᠡᠷ ᠱᠠᠲᠤᠯᠵᠢᠨ | ᠡᠩᠨᠡᠭᠡ ᠳᠤ ᠣᠷᠣᠰᠢᠵᠤ᠂ ᠮᠡᠷᠭᠡᠵᠢᠯ ᠤᠨ ᠠᠷᠠᠯᠵᠢᠶᠠᠨ ᠤ ᠵᠠᠬ᠎ᠠ ᠳᠡᠯᠭᠡᠭᠦᠷ ᠢᠯᠡ ᠲᠣᠳᠣ ᠦᠷ᠎ᠡ ᠪᠦᠲᠦᠮᠵᠢ ᠣᠯᠵᠤ | ᠂ 2023 ᠣᠨ ᠳᠤ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢᠨ ᠲᠥᠪ ᠰᠢᠯᠢᠳᠡᠭ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠪᠠᠶᠢᠭᠤᠯᠤᠮᠵᠢ ᠶᠢᠨ | ᠬᠤᠪᠢ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠭᠠᠯ ᠪᠠᠮᠪᠠᠷ ᠤᠨ ᠲᠥᠪ ᠤᠨ ᠵᠠᠷᠯᠠᠨ ᠰᠠᠶᠢᠰᠢᠶᠠᠯ ᠢ | ᠭᠥᠷᠳᠡᠪᠡ᠃ | ᠬᠥᠲᠥᠯᠥᠭᠴᠢ᠄ | ᠰᠦᠯᠵᠢᠶᠡᠨ ᠤ ᠠᠨᠳᠠ ᠨᠠᠷ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠭᠤᠯᠤᠭᠰᠠᠨ ᠤ | ᠳᠠᠷᠠᠭ᠎ᠠ ᠬᠠᠷᠠᠭᠠᠯᠵᠠᠯ ᠭᠥᠷᠳᠡᠬᠦ ᠲᠥᠷᠥ ᠶᠢᠨ ᠪᠣᠳᠣᠯᠭ᠎ᠠ ᠳᠤ ᠮᠠᠰᠢ ᠰᠣᠨᠢᠷᠬᠠᠯ ᠲᠠᠢ ᠪᠠᠶᠢᠨ᠎ᠠ᠂ ᠡᠨᠡ ᠲᠠᠯ᠎ᠠ ᠶᠢᠨ | ᠠᠭᠤᠯᠭ᠎ᠠ ᠶᠢ ᠲᠠᠨᠢᠯᠴᠠᠭᠤᠯᠤᠭᠠᠳ ᠥᠭᠭᠦᠨ᠎ᠡ ᠦᠦ︖ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ | ᠲᠥᠪ ᠤᠨ ᠳᠡᠭᠡᠳᠦ ᠵᠡᠷᠭᠡ ᠶᠢᠨ ᠢᠨᠵᠧᠨᠧᠷ ᠵᠣᠣ ᠽᠠᠨᠳᠠᠨ᠄ | ᠨᠥᠬᠦᠴᠡᠯ ᠳᠤ ᠨᠡᠶᠢᠴᠡᠬᠦ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠭᠤᠯᠤᠭᠰᠠᠨ ᠤ ᠲᠠᠷᠠᠭ᠎ᠠ᠂ | ᠲᠤᠬᠠᠢ ᠶᠢᠨ ᠬᠥᠮᠥᠨ ᠨᠢ ᠮᠠᠭᠠᠳᠯᠠᠨ ᠲᠣᠭᠲᠠᠭᠠᠵᠤ ᠳᠠᠩᠰᠠᠯᠠᠭᠤᠯᠤᠭᠰᠠᠨ ᠭᠡᠷᠡᠴᠢ ᠪᠠᠷ ᠢᠶᠠᠨ ᠦᠷᠳᠡᠭ | ᠨᠡᠮᠡᠭᠳᠡᠯ ᠤᠨ ᠭᠠᠶᠢᠯᠢ ᠶᠢ ᠬᠠᠰᠤᠵᠤ ᠬᠡᠯᠲᠦᠷᠢᠭᠦᠯᠬᠦ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠵᠡᠷᠭᠡ | ᠭᠠᠶᠢᠯᠢ ᠲᠠᠲᠠᠪᠤᠷᠢ ᠶᠢᠨ ᠬᠠᠷᠠᠭᠠᠯᠵᠠᠯ ᠢ ᠬᠦᠷᠲᠡᠵᠦ ᠪᠣᠯᠣᠨ᠎ᠠ᠃ ᠡᠭᠦᠨ ᠠᠴᠠ ᠭᠠᠳᠠᠨ᠎ᠠ᠂ ᠪᠠᠰᠠ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠴᠤ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠤᠨ ᠮᠡᠷᠭᠡᠵᠢᠯ ᠤᠨ ᠴᠢᠨᠠᠷᠲᠠᠢ ᠣᠷᠣᠯᠭ᠎ᠠ ᠶᠢ ᠦᠨᠡᠮᠰᠢᠬᠦ ᠦᠨᠳᠦᠰᠦᠯᠡᠯ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠠᠷᠠᠯᠵᠢᠶᠠᠯᠠᠭᠰᠠᠨ ᠤ ᠳᠠᠷᠠᠭᠠᠬᠢ ᠨᠥᠬᠦᠪᠦᠷᠢ ᠶᠢ ᠭᠤᠶᠤᠴᠢᠯᠠᠵᠤ᠂ ᠳᠡᠭᠡᠳᠦ | ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠦᠷ᠎ᠡ ᠪᠦᠲᠦᠭᠡᠯ ᠢ ᠬᠤᠪᠢᠷᠠᠭᠤᠯᠬᠤ | ᠪᠠ ᠱᠠᠩᠨᠠᠯ ᠤᠨ ᠬᠠᠷᠠᠮᠵᠢ ᠶᠢᠨ ᠮᠥᠩᠭᠦ ᠶᠢ ᠭᠠᠷᠭᠠᠨ ᠠᠪᠬᠤ ᠶᠢᠨ ᠭᠡᠷᠡᠴᠢᠯᠡᠬᠦ ᠮᠠᠲ᠋ᠧᠷᠢᠶᠠᠯ ᠪᠣᠯᠭᠠᠵᠤ ᠪᠣᠯᠣᠨ᠎ᠠ᠃ | ᠬᠥᠲᠥᠯᠥᠭᠴᠢ ᠄ | ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠬᠤᠯᠪᠣᠭᠳᠠᠯ ᠪᠦᠬᠦᠢ ᠮᠡᠳᠡᠯᠭᠡ ᠶᠢ ᠨᠡᠩ | ᠰᠠᠶᠢᠨ ᠲᠦᠭᠡᠮᠡᠯᠵᠢᠭᠦᠯᠬᠦ ᠶᠢᠨ ᠲᠥᠯᠥᠭᠡ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ | ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ | ᠳᠠᠩᠰᠠᠯᠠᠬᠤ ᠦᠶ᠎ᠡ ᠳᠤ ᠦᠷᠭᠦᠯᠵᠢ ᠲᠣᠬᠢᠶᠠᠯᠳᠤᠳᠠᠭ ᠬᠡᠳᠦᠨ ᠠᠰᠠᠭᠤᠳᠠᠯ ᠢ ᠣᠨᠴᠠᠭᠠᠶᠢᠯᠠᠨ ᠳ᠋ᠦᠩᠨᠡᠭᠰᠡᠨ ᠪᠠᠶᠢᠨ᠎ᠠ᠂ | ᠪᠣᠳᠠᠲᠠᠢ ᠪᠠᠷ ᠲᠠᠨᠢᠯᠴᠠᠭᠤᠯᠬᠤ ᠪᠣᠯᠪᠠᠤ᠃ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠥᠳᠡᠭᠡ ᠲᠣᠰᠬᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠰᠠᠯᠠᠭᠠᠨ ᠤ ᠳᠠᠷᠤᠭ᠎ᠠ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ ᠪᠥᠸᠧ | ᠄ | 1. ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠭᠤᠯᠬᠤ ᠦᠶ᠎ᠡ ᠳᠤ᠂ ᠭᠡᠷ᠎ᠡ ᠳᠤ ᠭᠤᠣᠯᠳᠠᠭᠤ | ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠤᠢ︖ ᠭᠡᠷ᠎ᠡ ᠨᠢ ᠬᠦᠴᠦᠨ ᠲᠠᠢ ᠬᠤᠭᠤᠴᠠᠭᠠᠨ ᠳᠠᠭᠠᠨ ᠪᠠᠶᠢᠬᠤ ᠬᠡᠷᠡᠭᠲᠡᠢ | ᠃ ᠭᠡᠷ᠎ᠡ ᠳᠤ ᠬᠤᠶᠠᠷ ᠡᠲᠡᠭᠡᠳ ᠢᠶᠠᠷ ᠢᠶᠠᠨ ᠭᠠᠷ ᠤᠨ ᠦᠰᠦᠭ ᠵᠢᠷᠤᠵᠤ ᠲᠠᠮᠠᠭ᠎ᠠ ᠳᠠᠷᠤᠬᠤ ᠳᠠᠭᠠᠨ ᠵᠢᠩᠬᠢᠨᠢ᠂ | ᠪᠦᠷᠢᠨ ᠭᠦᠢᠴᠡᠳ ᠪᠠᠶᠢᠬᠤ ᠬᠡᠷᠡᠭᠲᠡᠢ᠃ ᠭᠡᠷ᠎ᠡ ᠶᠢᠨ ᠡᠯ᠎ᠡ ᠡᠲᠡᠭᠡᠳ ᠤᠨ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ ᠪᠤᠶᠤ ᠨᠠᠶᠢᠳᠠᠭᠰᠠᠨ ᠣᠷᠣᠯᠠᠭᠴᠢ ᠨᠢ ᠭᠡᠷ᠎ᠡ ᠶᠢᠨ ᠪᠣᠯᠵᠤᠭ᠎ᠠ ᠶᠢ ᠦᠨᠳᠦᠰᠦᠯᠡᠨ ᠭᠠᠷ ᠤᠨ ᠦᠰᠦᠭ | ᠵᠢᠷᠤᠵᠤ ᠲᠠᠮᠠᠭ᠎ᠠ ᠳᠠᠷᠤᠬᠤ ᠬᠡᠷᠡᠭᠲᠡᠢ᠃ ᠨᠡᠷ᠎ᠡ ᠪᠣᠯᠣᠨ ᠲᠠᠮᠠᠭ᠎ᠠ ᠶᠢᠨ ᠱᠠᠭᠠᠷᠳᠠᠯᠭ᠎ᠠ ᠨᠢ ᠨᠢᠭᠡᠳᠦᠯᠲᠡᠢ᠂ ᠲᠣᠳᠣᠷᠬᠠᠢ | ᠪᠠᠶᠢᠬᠤ ᠬᠡᠷᠡᠭᠲᠡᠢ᠃ ᠭᠤᠷᠪᠠᠨ ᠨᠢᠭᠤᠷ ᠠᠴᠠ ᠬᠡᠲᠦᠷᠡᠭᠰᠡᠨ ᠭᠡᠷ᠎ᠡ ᠶᠢᠨ ᠰᠠᠨᠠᠭᠤᠯᠭ᠎ᠠ ᠳᠤ ᠭᠡᠷ᠎ᠡ ᠶᠢᠨ ᠬᠤᠶᠠᠷ | ᠡᠲᠡᠭᠡᠳ ︵ᠪᠤᠶᠤ ᠤᠯᠠᠨ ᠡᠲᠡᠭᠡᠳ︶ ᠤᠨ ᠣᠶᠣᠳᠠᠯ ᠤᠨ ᠲᠠᠮᠠᠭ᠎ᠠ ᠳᠠᠷᠤᠬᠤ ᠬᠡᠷᠡᠭᠲᠡᠢ᠃ ᠭᠡᠷ᠎ᠡ ᠶᠢᠨ ᠭᠠᠷᠴᠠᠭ ᠨᠢ | ᠣᠨᠣᠪᠴᠢᠲᠠᠶ ᠮᠥᠷᠲᠡᠭᠡᠨ ᠬᠠᠷᠠᠭᠠᠯᠵᠠᠭᠰᠠᠨ ᠪᠠᠶᠢᠬᠤ ᠬᠡᠷᠡᠭᠲᠡᠢ ᠃ ᠲᠧᠭᠨᠢᠭ ᠮᠡᠷᠭᠡᠵᠢᠯ ᠤᠨ ᠬᠠᠷᠠᠯᠲᠠ᠂ ᠲᠧᠭᠨᠢᠭ | ᠮᠡᠷᠭᠡᠵᠢᠯ ᠤᠨ ᠠᠭᠤᠯᠭ᠎ᠠ ᠵᠢᠴᠢ ᠲᠧᠭᠨᠢᠭ ᠮᠡᠷᠭᠡᠵᠢᠯ ᠤᠨ ᠠᠷᠭ᠎ᠠ ᠪᠠ ᠱᠤᠭᠤᠮ ᠢ ᠲᠣᠳᠣᠷᠬᠠᠢ ᠪᠠᠶᠢᠯᠭᠠᠵᠤ᠂ ᠭᠡᠷ᠎ᠡ ᠳᠤ | ᠥᠭᠦᠯᠡᠭᠰᠡᠨ ᠲᠧᠭᠨᠢᠭ ᠮᠡᠷᠭᠡᠵᠢᠯ ᠤᠨ ᠴᠡᠭ ᠢ ᠬᠠᠷᠠᠭᠤᠯᠬᠤ ᠬᠡᠷᠡᠭᠲᠡᠢ᠃ ᠭᠡᠷ᠎ᠡ ᠶᠢᠨ ᠵᠣᠭᠤᠰ ᠤᠨ ᠲᠤᠭ᠎ᠠ᠂ ᠡᠷᠬᠡ | ᠡᠭᠦᠷᠭᠡ ᠶᠢ ᠲᠣᠳᠣᠷᠬᠠᠢ ᠪᠣᠯᠭᠠᠬᠤ ᠬᠡᠷᠡᠭᠲᠡᠢ᠃ 2.ᠮᠠᠭᠠᠳᠯᠠᠨ ᠲᠣᠭᠲᠠᠭᠠᠯᠭᠠᠵᠤ ᠳᠠᠩᠰᠠᠯᠠᠭᠤᠯᠬᠤ ᠪᠠᠷ | ᠭᠤᠶᠤᠴᠢᠯᠠᠭᠰᠠᠨ ᠮᠡᠷᠭᠡᠵᠢᠯ ᠤᠨ ᠭᠡᠷ᠎ᠡ ᠳᠠᠬᠢ ᠶᠠᠮᠠᠷ ᠶᠠᠮᠠᠷ ᠵᠦᠢᠯ ᠵᠤᠷᠪᠤᠰ ᠨᠢ ᠲᠣᠳᠣᠷᠬᠠᠢ ᠦᠭᠡᠢ ᠪᠠᠶᠢᠪᠠᠯ | ᠳᠠᠩᠰᠠᠯᠠᠬᠤ ᠦᠭᠡᠢ ᠪᠠᠶᠢᠵᠤ ᠪᠣᠯᠬᠤ ᠪᠤᠢ︖ ︵1︶ ᠭᠡᠷ᠎ᠡ ᠶᠢᠨ ᠪᠡᠶᠡᠴᠢ ᠴᠣᠭᠴᠠ ᠨᠢ ᠲᠣᠳᠣᠷᠬᠠᠢ ᠦᠭᠡᠢ᠃ ︵2︶ | ᠭᠡᠷ᠎ᠡ ᠶᠢᠨ ᠬᠠᠷᠠᠯᠲᠠ ᠨᠢ ᠲᠣᠳᠣᠷᠬᠠᠢ ᠦᠭᠡᠢ᠂ ᠳᠠᠩᠰᠠᠯᠠᠭᠴᠢ ᠳᠤ ᠲᠡᠭᠦᠨ ᠤ ᠮᠡᠷᠭᠡᠵᠢᠯ ᠤᠨ ᠠᠭᠤᠯᠭ᠎ᠠ ᠶᠢ | ᠣᠶᠢᠯᠠᠭᠠᠭᠤᠯᠵᠤ ᠴᠢᠳᠠᠬᠤ ᠦᠭᠡᠢ᠃ ︵3︶ ᠭᠡᠷ᠎ᠡ ᠶᠢᠨ ᠦᠨ᠎ᠡ ᠶᠢᠨ ᠵᠣᠭᠤᠰ᠂ ᠬᠥᠯᠥᠰᠦ ᠬᠠᠷᠠᠮᠵᠢ᠂ ᠬᠡᠷᠡᠭᠯᠡᠭᠰᠡᠨ | ᠰᠦᠢᠳᠬᠡᠯ ᠵᠡᠷᠭᠡ ᠶᠢ ᠪᠣᠯᠵᠣᠨ ᠲᠣᠭᠲᠠᠭᠰᠠᠨ ᠨᠢ ᠲᠣᠳᠣᠷᠬᠠᠢ ᠦᠭᠡᠢ ᠪᠠᠶᠢᠬᠤ᠃ 3.ᠮᠡᠷᠭᠡᠵᠢᠯ ᠤᠨ ᠭᠡᠷ᠎ᠡ ᠶᠢᠨ | ᠪᠢᠴᠢᠭ ᠲᠤ ᠭᠠᠷ ᠤᠨ ᠦᠰᠦᠭ ᠵᠢᠷᠤᠬᠤ ᠳᠤ ᠶᠠᠮᠠᠷ ᠱᠠᠭᠠᠷᠳᠠᠯᠭ᠎ᠠ ᠲᠠᠢ ᠪᠤᠢ︖ ᠭᠡᠷ᠎ᠡ ᠶᠢᠨ ᠪᠢᠴᠢᠭ ᠲᠤ ᠰᠢᠨᠵᠢᠯᠡᠬᠦ | ᠤᠬᠠᠭᠠᠨ ᠮᠡᠷᠭᠡᠵᠢᠯ ᠤᠨ ᠶᠠᠮᠤᠨ ᠤ ᠬᠢᠨᠠᠨ ᠵᠣᠬᠢᠶᠠᠭᠰᠠᠨ ᠮᠡᠷᠭᠡᠵᠢᠯ ᠤᠨ ᠭᠡᠷ᠎ᠡ ᠶᠢᠨ ᠵᠢᠱᠢᠶ᠎ᠡ ᠦᠵᠡᠭᠦᠯᠬᠦ ᠪᠢᠴᠢᠭ ᠢ | ᠬᠡᠷᠡᠭᠯᠡᠵᠦ ᠪᠣᠯᠣᠨ᠎ᠠ᠃ ᠪᠤᠰᠤᠳ ᠪᠢᠴᠢᠭ ᠤᠨ ᠬᠡᠯᠪᠡᠷᠢ ᠶᠢᠨ ᠭᠡᠷ᠎ᠡ ᠶᠢᠨ ᠪᠢᠴᠢᠭ ᠢ ᠬᠡᠷᠡᠭᠯᠡᠬᠦ ᠳᠤ ᠬᠦᠷᠪᠡᠯ᠂ | ︽ᠢᠷᠭᠡᠨ ᠤ ᠬᠠᠤᠯᠢ ᠶᠢᠨ ᠪᠢᠴᠢᠭ︾ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ᠠᠮᠠᠨ ᠬᠡᠯᠪᠡᠷᠢ ᠪᠠᠷ ᠮᠡᠷᠭᠡᠵᠢᠯ ᠤᠨ ᠭᠡᠷ᠎ᠡ ᠲᠣᠭᠲᠠᠭᠠᠭᠰᠠᠨ ᠪᠠᠶᠢᠪᠠᠯ᠂ ᠮᠡᠷᠭᠡᠵᠢᠯ ᠤᠨ ᠭᠡᠷ᠎ᠡ ᠶᠢ ᠳᠠᠩᠰᠠᠯᠠᠬᠤ | ᠪᠠᠶᠢᠭᠤᠯᠤᠮᠵᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃ 4.ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ | ᠳᠠᠩᠰᠠᠯᠠᠭᠤᠯᠤᠭᠰᠠᠨ ᠨᠢᠭᠡᠴᠢ ᠳᠤ ᠶᠠᠮᠠᠷ ᠶᠠᠮᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ ᠬᠦᠷᠲᠡᠭᠡᠬᠦ ᠪᠤᠢ︖ ︵1︶ | ᠦᠷᠳᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃ ︽ᠡᠵᠡᠩᠨᠡᠯᠲᠡ ᠶᠢᠨ ᠭᠠᠶᠢᠯᠢ ᠶᠢ ᠥᠷᠲᠡᠭ | ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠢ ᠡᠳ᠋ ᠤᠨ | ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾ ︵ᠡᠳ᠋ ᠤᠨ | ᠵᠠᠰᠠᠭ ᠂ ᠭᠠᠶᠢᠯᠢ ﹇2016﹈ 36 ᠳ᠋ᠤᠭᠠᠷ ᠲᠣᠭᠠᠲᠤ︶ ᠤᠨ ᠳᠠᠭᠠᠯᠳᠤᠭᠤᠯᠤᠯ 3 ᠳᠣᠲᠣᠷᠠᠬᠢ ︽ᠨᠢᠭᠡᠳᠦᠭᠡᠷ | ᠵᠦᠢᠯ ᠤᠨ ︵ᠬᠤᠷᠢᠨ ᠵᠢᠷᠭᠤᠭ᠎ᠠ︶ ᠳ᠋ᠤᠭᠠᠷ ᠪᠠᠳᠠᠭ︾ ᠤᠨ ᠲᠣᠭᠲᠠᠭᠠᠯ ᠢ ᠦᠨᠳᠦᠰᠦᠯᠡᠪᠡᠯ᠄ ᠭᠠᠶᠢᠯᠢ ᠲᠤᠰᠢᠶᠠᠭᠴᠢ | ᠮᠡᠷᠭᠡᠵᠢᠯ ᠢ ᠰᠢᠯᠵᠢᠭᠦᠯᠦᠨ ᠥᠭᠬᠦ᠂ ᠮᠡᠷᠭᠡᠵᠢᠯ ᠢ ᠨᠡᠭᠡᠭᠡᠨ ᠬᠥᠭᠵᠢᠭᠦᠯᠬᠦ ᠪᠠ ᠡᠭᠦᠨ ᠲᠠᠢ ᠬᠤᠯᠪᠣᠭᠳᠠᠬᠤ | ᠮᠡᠷᠭᠡᠵᠢᠯ ᠤᠨ ᠵᠥᠪᠯᠡᠯᠭᠡ᠂ ᠮᠡᠷᠭᠡᠵᠢᠯ ᠤᠨ ᠦᠢᠯᠡᠴᠢᠯᠡᠭᠡ ᠬᠠᠩᠭᠠᠪᠠᠯ ᠥᠷᠲᠡᠭ ᠨᠡᠮᠡᠭᠳᠡᠯ ᠤᠨ ᠭᠠᠶᠢᠯᠢ | ᠲᠠᠲᠠᠪᠤᠷᠢᠯᠠᠬᠤ ᠦᠭᠡᠢ ᠪᠠᠶᠢᠵᠤ ᠪᠣᠯᠣᠨ᠎ᠠ᠃ ︵2︶ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠠᠴᠠ | ᠬᠡᠯᠲᠦᠷᠢᠭᠦᠯᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠠᠰᠢᠭ | ᠣᠷᠣᠯᠭ᠎ᠠ ᠶᠢᠨ ᠭᠠᠶᠢᠯᠢ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠳᠠᠬᠢ ︽ᠶᠡᠷᠡᠳᠦᠭᠡᠷ ᠵᠦᠢᠯ︾᠂ ︽ᠠᠵᠤ | ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠤᠯᠢ︾ ᠶᠢᠨ ︽ᠬᠤᠷᠢᠨ ᠳᠣᠯᠣᠳᠤᠭᠠᠷ ᠵᠦᠢᠯ︾ ᠤᠨ | ᠲᠣᠭᠲᠠᠭᠠᠯ ᠢ ᠦᠨᠳᠦᠰᠦᠯᠡᠪᠡᠯ᠄ ᠨᠥᠬᠦᠴᠡᠯ ᠳᠤ ᠨᠡᠶᠢᠴᠡᠭᠰᠡᠨ ᠮᠡᠷᠭᠡᠵᠢᠯ ᠢ ᠰᠢᠯᠵᠢᠭᠦᠯᠦᠨ ᠥᠭᠭᠦᠭᠰᠡᠨ ᠠᠰᠢᠭ | ᠣᠷᠣᠯᠭ᠎ᠠ ᠶᠢ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠥᠩᠭᠡᠯᠡᠨ ᠬᠡᠯᠲᠦᠷᠢᠭᠦᠯᠵᠦ᠂ 500 | ᠲᠦᠮᠡᠨ ᠲᠥᠭᠦᠷᠢᠭ ᠤᠨ ᠳᠣᠲᠣᠷ᠎ᠠ ᠪᠥᠬᠦᠳᠡ ᠶᠢ ᠬᠡᠯᠲᠦᠷᠢᠭᠦᠯᠵᠦ᠂ 500 ᠲᠦᠮᠡ ᠠᠴᠠ ᠬᠡᠲᠦᠷᠡᠭᠰᠡᠨ ᠬᠡᠰᠡᠭ ᠢ | ᠬᠠᠭᠠᠰ ᠢᠶᠠᠷ ᠬᠥᠩᠭᠡᠯᠡᠨ ᠲᠠᠲᠠᠪᠤᠷᠢᠯᠠᠵᠤ ᠪᠣᠯᠣᠨ᠎ᠠ᠃ 5. ᠭᠠᠶᠢᠯᠢ ᠲᠠᠲᠠᠪᠤᠷᠢ ᠶᠢᠨ ᠬᠠᠷᠠᠭᠠᠯᠵᠠᠯ ᠠᠴᠠ ᠭᠠᠳᠠᠨ᠎ᠠ | ᠪᠠᠰᠠ ᠶᠠᠮᠠᠷ ᠶᠠᠮᠠᠷ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠳ᠋ᠯᠡᠬᠦ ᠪᠤᠶ︖ ᠮᠡᠷᠭᠡᠵᠢᠯ ᠤᠨ ᠠᠷᠠᠯᠵᠢᠶ᠎ᠠ | ᠬᠢᠭᠰᠡᠨ ᠤ ᠳᠠᠷᠠᠭ᠎ᠠ ᠨᠥᠬᠦᠪᠦᠷᠢ ᠥᠭᠬᠦ ᠲᠥᠷᠥ ᠶᠢᠨ ᠪᠣᠳᠣᠯᠭ᠎ᠠ᠃ ᠮᠡᠷᠭᠡᠵᠢᠯ ᠤᠨ ᠠᠷᠠᠯᠵᠢᠶᠠᠯᠠᠭᠰᠠᠨ ᠤ ᠳᠠᠷᠠᠭᠠᠬᠢ | ᠨᠥᠬᠦᠪᠦᠷᠢ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠳᠤ ᠨᠢᠭᠡᠨᠲᠡ ᠬᠡᠷᠡᠭᠵᠢᠭᠦᠯᠦᠭᠰᠡᠨ ᠲᠥᠯᠥᠪᠦᠷᠢ ᠲᠠᠢ ᠮᠡᠷᠭᠡᠵᠢᠯ ᠢ ᠰᠢᠯᠵᠢᠭᠦᠯᠦᠨ ᠤᠯᠠᠷᠢᠭᠤᠯᠬᠤ ᠠᠷᠠᠯᠵᠢᠶ᠎ᠠ | ᠵᠢᠴᠢ ᠬᠠᠮᠢᠶ᠎ᠠ ᠪᠦᠬᠦᠢ ᠦᠢᠯᠡᠴᠢᠯᠡᠭᠡᠨ ᠳᠤ ᠤᠷᠮᠠᠰᠢᠭᠤᠯᠬᠤ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠴᠢᠨᠠᠷᠲᠠᠢ | ᠨᠥᠬᠦᠪᠦᠷᠢ ᠶᠢ ᠵᠢᠭᠠᠵᠤ ᠪᠣᠶ᠂ ᠨᠥᠬᠦᠪᠦᠷᠢ ᠣᠯᠭᠤᠬᠤ ᠡᠲᠡᠭᠡᠳ ᠢ ᠠᠷᠠᠯᠵᠢᠶᠠᠯᠠᠭᠰᠠᠨ ᠲᠠᠯ᠎ᠠ ᠶᠢᠨ ᠬᠤᠶᠢᠨᠠᠬᠢ | ᠨᠥᠬᠦᠪᠦᠷᠢ ᠪᠠ ᠦᠢᠯᠡᠴᠢᠯᠡᠭᠰᠡᠨ ᠲᠠᠯ᠎ᠠ ᠶᠢᠨ ᠬᠤᠶᠢᠨᠠᠬᠢ ᠨᠥᠬᠦᠪᠦᠷᠢ ᠭᠡᠵᠦ ᠬᠤᠪᠢᠶᠠᠨ᠎ᠠ᠃ ᠲᠣᠰ ᠲᠥᠷᠥ ᠶᠢᠨ | ᠪᠣᠳᠣᠯᠭ᠎ᠠ ᠪᠠᠷ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠠᠵᠢᠯᠯᠠᠭ᠎ᠠ ᠥᠷᠨᠢᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠤᠨ ᠬᠡᠷᠡᠭᠰᠡᠬᠦ ᠲᠠᠯ᠎ᠠ᠂ ᠬᠠᠩᠭᠠᠬᠤ ᠲᠠᠯ᠎ᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠬᠤ ᠮᠡᠷᠭᠡᠵᠢᠯ ᠤᠨ ᠰᠣᠯᠢᠯᠴᠠᠭᠠᠨ ᠤ ᠦᠢᠯᠡᠴᠢᠯᠡᠭᠡᠨ ᠤ | ᠪᠠᠶᠢᠭᠤᠯᠤᠮᠵᠢ ᠶᠢ ᠳᠡᠮᠵᠢᠨ᠎ᠡ᠃ ᠮᠡᠳᠡᠭᠦᠯᠬᠦ ᠨᠢᠭᠡᠴᠡ ᠶᠢᠨ ᠮᠡᠷᠭᠡᠵᠢᠯ ᠤᠨ ᠠᠷᠠᠯᠵᠢᠶ᠎ᠠ ᠶᠢᠨ ᠠᠵᠢᠯᠯᠠᠭ᠎ᠠ ᠨᠢ | ᠮᠡᠷᠭᠡᠵᠢᠯ ᠤᠨ ᠭᠡᠷ᠎ᠡ ᠲᠣᠭᠲᠠᠬᠤ ᠶᠢᠨ ᠬᠠᠮᠲᠤ ᠦᠨᠡᠮᠰᠢᠬᠦ ᠳᠠᠩᠰᠠᠯᠠᠯᠲᠠ ᠬᠢᠯᠭᠡᠬᠦ ᠪᠠᠷ ᠱᠠᠭᠠᠷᠳᠠᠵᠤ᠂ ᠮᠡᠷᠭᠡᠵᠢᠯ ᠤᠨ | ᠭᠡᠷ᠎ᠡ ᠶᠢᠨ ᠳᠠᠩᠰᠠᠯᠠᠭᠰᠠᠨ ᠡᠳᠦᠷ ᠬᠤᠭᠤᠴᠠᠭ᠎ᠠ ᠪᠤᠶᠤ ᠪᠣᠳᠠᠲᠠᠢ ᠠᠷᠠᠯᠵᠢᠶᠠᠯᠠᠭᠰᠠᠨ ᠡᠳᠦᠷ ᠬᠤᠭᠤᠴᠠᠭ᠎ᠠ ᠨᠢ | ᠣᠨ ᠤ ᠨᠥᠬᠦᠪᠦᠷᠢ ᠶᠢᠨ ᠲᠣᠭᠲᠠᠭᠠᠭᠰᠠᠨ ᠴᠠᠭ ᠤᠨ ᠬᠡᠪᠴᠢᠶᠡᠨ ᠳᠣᠲᠣᠷ᠎ᠠ ᠪᠠᠶᠢᠬᠤ ᠬᠡᠷᠡᠭᠲᠡᠢ᠃ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ | ᠲᠥᠪ ᠤᠨ ᠳᠡᠭᠡᠳᠦ ᠵᠡᠷᠭᠡ ᠶᠢᠨ ᠢᠨᠵᠧᠨᠧᠷ ᠵᠣᠣ ᠽᠠᠨᠳᠠᠨ᠄ | 6.ᠮᠡᠷᠭᠡᠵᠢᠯ ᠢ ᠨᠡᠭᠡᠭᠡᠨ ᠠᠰᠢᠭᠯᠠᠬᠤ ᠭᠡᠷ᠎ᠡ ᠶᠢ ᠮᠠᠭᠠᠳᠯᠠᠨ ᠲᠣᠭᠲᠠᠭᠠᠬᠤ ᠳᠤ ᠶᠠᠮᠠᠷ ᠶᠠᠮᠠᠷ ᠭᠤᠣᠯᠳᠠᠯᠭ᠎ᠠ | ᠪᠠᠶᠢᠬᠤ ᠪᠤᠢ︖ ᠲᠤᠬᠠᠢ ᠶᠢᠨ ᠬᠥᠮᠥᠨ ᠤ ᠭᠡᠷ᠎ᠡ ᠲᠣᠭᠲᠠᠭᠠᠬᠤ ᠦᠶ᠎ᠡ ᠳᠤ ᠡᠵᠡᠮᠰᠢᠭᠡ ᠦᠭᠡᠢ ᠮᠡᠷᠭᠡᠵᠢᠯ ︵ᠰᠢᠨ᠎ᠡ | ᠰᠣᠷᠭᠤᠭ ᠴᠢᠨᠠᠷ ᠲᠠᠢ︶ ᠨᠢ ᠤᠳᠤ ᠪᠠᠶᠢᠭ᠎ᠠ ᠮᠡᠷᠭᠡᠵᠢᠯ ᠪᠢᠰᠢ᠂ ᠬᠠᠷᠢᠨ ᠨᠡᠭᠡᠭᠡᠨ ᠠᠰᠢᠭᠯᠠᠬᠤ ᠶᠠᠪᠤᠴᠠ ᠪᠠᠶᠢᠬᠤ | ᠬᠡᠷᠡᠭᠲᠡᠢ᠃ ᠨᠡᠭᠡᠭᠡᠨ ᠬᠥᠭᠵᠢᠭᠦᠯᠬᠦ ᠠᠵᠢᠯ ᠪᠠ ᠭᠡᠷ᠎ᠡ ᠶᠢᠨ ᠦᠷ᠎ᠡ ᠪᠦᠲᠦᠭᠡᠯ ᠳᠤ ᠰᠢᠨ᠎ᠡ ᠶᠢ ᠡᠭᠦᠳᠬᠦ ᠴᠡᠭ ᠲᠠᠢ | ᠪᠠᠶᠢᠵᠤ᠂ ᠲᠤᠰᠢᠶᠠᠭᠰᠠᠨ ᠦᠷ᠎ᠡ ᠪᠦᠲᠦᠭᠡᠯ ᠨᠢ ᠬᠠᠷᠢᠴᠠᠩᠭᠤᠢ ᠪᠠᠷ ᠪᠦᠷᠢᠨ ᠪᠦᠲᠦᠨ ᠬᠡᠷᠡᠭᠵᠢᠭᠦᠯᠵᠦ ᠪᠣᠯᠬᠤᠶᠢᠴᠠ | ᠮᠡᠷᠭᠡᠵᠢᠯ ᠤᠨ ᠲᠥᠰᠥᠯ ᠪᠠᠶᠢᠬᠤ ᠬᠡᠷᠡᠭᠲᠡᠢ᠃ ᠠᠳᠠᠯᠢ ᠨᠢᠭᠡᠨ ᠬᠠᠷᠠᠯᠲᠠ ᠳᠤ ᠵᠥᠪᠬᠡᠨ ᠨᠢᠭᠡ ᠯᠡ ᠤᠳᠠᠭ᠎ᠠ ᠭᠠᠷ ᠤᠨ | ᠦᠰᠦᠭ ᠵᠢᠷᠤᠵᠤ᠂ ᠮᠡᠷᠭᠡᠵᠢᠯ ᠤᠨ ᠦᠷ᠎ᠡ ᠪᠦᠲᠦᠭᠡᠯ ᠢ ᠲᠤᠰᠢᠶᠠᠨ ᠥᠭᠬᠦ ᠪᠣᠳᠠᠰ ᠪᠠᠶᠢᠬᠤ ᠬᠡᠷᠡᠭᠲᠡᠢ᠃ 7. | ᠮᠡᠷᠭᠡᠵᠢᠯ ᠢ ᠨᠡᠭᠡᠭᠡᠨ ᠠᠰᠢᠭᠯᠠᠬᠤ ᠭᠡᠷ᠎ᠡ ᠳᠤ ᠪᠠᠭᠲᠠᠬᠤ ᠦᠭᠡᠢ ᠶᠠᠮᠠᠷ ᠶᠠᠮᠠᠷ ᠠᠭᠤᠯᠭ᠎ᠠ ᠪᠠᠶᠢᠬᠤ ᠪᠤᠢ︖ ︵1︶ | ᠡᠩ ᠤᠨ ᠲᠥᠬᠦᠭᠡᠷᠦᠮᠵᠢ ᠶᠢ ᠰᠡᠯᠪᠢᠨ ᠵᠠᠰᠠᠬᠤ᠂ ᠥᠭᠡᠷᠡᠴᠢᠯᠡᠨ ᠤᠭᠰᠠᠷᠠᠬᠤ᠂ ᠡᠩ ᠤᠨ ᠵᠢᠷᠤᠭ ᠲᠥᠯᠥᠪᠯᠡᠭᠡ ᠶᠢ | ᠬᠤᠪᠢᠷᠠᠭᠤᠯᠬᠤ ᠵᠢᠴᠢ ᠨᠢᠭᠡᠨᠲᠡ ᠪᠠᠶᠢᠭ᠎ᠠ ᠮᠡᠷᠭᠡᠵᠢᠯ ᠢ ᠦᠢᠯᠡᠳᠬᠦᠨ ᠤ ᠦᠢᠯᠡᠳᠪᠦᠷᠢᠯᠡᠯ ᠳᠤ ᠰᠢᠭᠤᠳ ᠬᠡᠷᠡᠭᠯᠡᠭᠰᠡᠨ᠃ | ︵2︶ ᠭᠡᠷ᠎ᠡ ᠶᠢᠨ ᠬᠠᠷᠠᠯᠲᠠ ᠪᠣᠯ ᠲᠤᠬᠠᠢ ᠶᠢᠨ ᠬᠥᠮᠥᠨ ᠤ ᠨᠢᠭᠡᠨᠲᠡ ᠡᠵᠡᠮᠰᠢᠭᠰᠡᠨ ᠮᠡᠷᠭᠡᠵᠢᠯ ᠤᠨ ᠲᠥᠰᠥᠯ ᠪᠣᠯᠣᠨ᠎ᠠ᠂ | ᠡᠭᠦᠨ ᠳᠤ ᠠᠵᠤ ᠦᠢᠯᠡᠰᠵᠢᠭᠦᠯᠦᠨ ᠨᠡᠭᠡᠭᠡᠨ ᠬᠥᠭᠵᠢᠭᠦᠯᠬᠦ ᠶᠢ ᠨᠢᠭᠡᠨᠲᠡ ᠪᠡᠶᠡᠯᠡᠭᠦᠯᠦᠭᠰᠡᠨ ᠦᠢᠯᠡᠳᠬᠦᠨ᠂ ᠤᠷᠠᠯᠠᠯ᠂ | ᠮᠠᠲ᠋ᠧᠷᠢᠶᠠᠯ ᠵᠢᠴᠢ ᠲᠡᠭᠦᠨ ᠤ ᠰᠢᠰᠲ᠋ᠧᠮ ᠪᠠᠭᠲᠠᠨ᠎ᠠ᠃ ︵3︶ ᠭᠡᠷ᠎ᠡ ᠶᠢᠨ ᠬᠠᠷᠠᠯᠲᠠ ᠮᠡᠷᠭᠡᠵᠢᠯ ᠤᠨ ᠲᠠᠯ᠎ᠠ ᠪᠠᠷ | ᠰᠢᠨ᠎ᠡ ᠶᠢ ᠡᠭᠦᠳᠦᠭᠰᠡᠨ ᠦᠭᠡᠢ᠂ ᠵᠥᠪᠬᠡᠨ ᠬᠡᠮ ᠬᠡᠮᠵᠢᠶ᠎ᠡ᠂ ᠪᠣᠯᠵᠣᠯᠲᠤ ᠲᠤᠭ᠎ᠠ᠂ ᠵᠢᠭᠰᠠᠭᠠᠯᠲᠠ ᠶᠢ ᠳᠥᠭᠦᠮᠬᠡᠨ ᠢᠶᠠᠷ | ᠬᠤᠪᠢᠷᠠᠭᠤᠯᠬᠤ᠂ ᠡᠰᠡᠬᠦᠯ᠎ᠡ ᠠᠳᠠᠯᠢᠪᠲᠤᠷ ᠮᠡᠷᠭᠡᠵᠢᠯ ᠤᠨ ᠠᠷᠭ᠎ᠠ ᠪᠠᠷᠢᠯ ᠢ ᠬᠤᠪᠢᠷᠠᠭᠤᠯᠬᠤ ᠪᠠᠷ ᠲᠠᠮᠵᠢᠨ | ᠪᠡᠶᠡᠯᠡᠭᠦᠯᠦᠭᠰᠡᠨ ᠦᠢᠯᠡᠳᠬᠦᠨ ᠤ ᠬᠡᠯᠪᠡᠷᠢ ᠶᠢ ᠥᠭᠡᠷᠡᠴᠢᠯᠡᠬᠦ᠂ ᠤᠷᠠᠯᠠᠯ ᠢ ᠬᠤᠪᠢᠷᠠᠭᠤᠯᠬᠤ ᠵᠢᠴᠢ ᠮᠠᠲ᠋ᠧᠷᠢᠶᠠᠯ ᠤᠨ | ᠨᠠᠶᠢᠷᠠᠯᠭ᠎ᠠ ᠶᠢ ᠲᠣᠬᠢᠷᠠᠭᠤᠯᠬᠤ᠃ ︵4︶ ᠭᠡᠷ᠎ᠡ ᠶᠢᠨ ᠬᠠᠷᠠᠯᠲᠠ ᠨᠢ ᠡᠩ ᠤᠨ ᠰᠢᠯᠭᠠᠨ ᠪᠠᠶᠢᠴᠠᠭᠠᠬᠤ᠂ ᠰᠢᠯᠭᠠᠨ | ᠬᠡᠮᠵᠢᠬᠦ᠂ ᠰᠢᠯᠭᠠᠨ ᠲᠣᠭᠲᠠᠭᠠᠬᠤ᠂ ᠳᠠᠭᠤᠷᠢᠶᠠᠨ ᠦᠢᠯᠡᠳᠬᠦ ᠪᠠ ᠬᠡᠷᠡᠭᠯᠡᠬᠦ᠃ ︵5︶ ᠵᠥᠪᠬᠡᠨ ᠲᠥᠯᠦᠪᠵᠢᠭᠦᠯᠭᠡ ᠪᠠ | ᠠᠵᠢᠯ ᠤᠨ ᠲᠥᠯᠥᠪᠯᠡᠭᠡ ᠲᠣᠭᠲᠠᠭᠠᠨ᠎ᠠ᠃ ︵6︶ ᠲᠠᠩ ᠭᠠᠭᠴᠠ ᠪᠠᠶᠢᠭᠠᠯᠢ ᠶᠢᠨ ᠦᠵᠡᠭᠳᠡᠯ᠂ ᠵᠢᠮ᠎ᠡ ᠶᠣᠰᠣ ᠪᠠ | ᠣᠨᠴᠠᠯᠢᠭ ᠰᠢᠨᠵᠢ ᠶᠢ ᠢᠯᠡᠷᠡᠭᠦᠯᠬᠦ ᠪᠠᠷ ᠬᠠᠷᠠᠯᠲᠠ ᠪᠣᠯᠭᠠᠭᠰᠠᠨ ᠰᠠᠭᠤᠷᠢ ᠴᠢᠨᠠᠷᠲᠠᠢ ᠰᠤᠳᠤᠯᠭᠠᠨ ᠤ ᠵᠦᠢᠯᠡᠰ ᠲᠤ | ᠲᠣᠭᠲᠠᠭᠠᠭᠰᠠᠨ ᠭᠡᠷ᠎ᠡ ᠵᠢᠴᠢ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠲᠤ ᠲᠣᠭᠲᠠᠭᠠᠭᠰᠠᠨ | ᠭᠡᠷ᠎ᠡ᠃ ︵7︶ ᠵᠥᠭᠡᠯᠡᠨ ᠳᠤᠨᠤᠭ ᠢ ᠪᠠᠭᠤᠯᠭᠠᠬᠤ ᠪᠠ ᠠᠩᠬᠠᠨ ᠤ ᠡᠭᠦᠳᠦᠯᠲᠡ ᠶᠢᠨ ᠴᠢᠨᠠᠷ ᠦᠭᠡᠢ ᠫᠷᠣᠭ᠍ᠷᠠᠮ ᠢ | ᠨᠠᠶᠢᠷᠠᠭᠤᠯᠤᠨ ᠵᠣᠬᠢᠶᠠᠬᠤ᠃ 8. ᠮᠡᠷᠭᠡᠵᠢᠯ ᠤᠨ ᠦᠷ᠎ᠡ ᠪᠦᠲᠦᠭᠡᠯ ᠤᠨ ᠠᠴᠢᠶᠠᠯᠠᠭᠴᠢ ᠶᠢ ᠮᠠᠭᠠᠳᠯᠠᠨ ᠲᠣᠭᠲᠠᠭᠠᠬᠤ | ᠵᠠᠷᠴᠢᠮ ᠨᠢ ᠶᠠᠮᠠᠷ ᠶᠠᠮᠠᠷ ᠪᠠᠶᠢᠳᠠᠭ ᠪᠤᠢ︖ ︵1︶ ᠮᠡᠷᠭᠡᠵᠢᠯ ᠤᠨ ᠪᠢᠴᠢᠭ ᠮᠠᠲ᠋ᠧᠷᠢᠶᠠᠯ ︵ᠮᠡᠷᠭᠡᠵᠢᠯ ᠤᠨ ᠲᠥᠰᠥᠯ᠂ | ᠦᠢᠯᠡᠳᠬᠦᠨ ᠪᠠ ᠤᠷᠠᠯᠠᠯ ᠤᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠵᠢᠷᠤᠭ᠂ | ᠲᠤᠷᠰᠢᠯᠲᠠ ᠶᠢᠨ ᠮᠡᠳᠡᠭᠦᠯᠦᠯᠲᠡ ᠵᠢᠴᠢ ᠪᠤᠰᠤᠳ ᠦᠰᠦᠭ ᠪᠢᠴᠢᠭ ᠤᠨ ᠴᠢᠨᠠᠷᠲᠠᠢ ᠮᠡᠷᠭᠡᠵᠢᠯ ᠤᠨ ᠮᠠᠲ᠋ᠧᠷᠢᠶᠠᠯ | ᠪᠠᠭᠲᠠᠨ᠎ᠠ︶ ᠢ ᠶᠡᠷᠦ ᠶᠢᠨ ᠪᠠᠶᠢᠳᠠᠯ ᠳᠤ ᠲᠤᠰ ᠮᠡᠷᠭᠡᠵᠢᠯ ᠢ ᠡᠵᠡᠮᠰᠢᠬᠦ ᠪᠠ ᠴᠢᠬᠤᠯᠠ ᠪᠦᠬᠦᠢ ᠳᠠᠩᠰᠠ ᠡᠪᠬᠡᠮᠡᠯ ᠳᠤ | ᠬᠠᠳᠠᠭᠠᠯᠠᠬᠤ ᠳᠤ ᠬᠡᠷᠡᠭᠰᠡᠬᠦ ᠬᠤᠪᠢ ᠶᠢᠨ ᠲᠤᠭ᠎ᠠ ᠪᠠᠷ ᠬᠢᠵᠠᠭᠠᠷᠯᠠᠨ᠎ᠠ᠃ ︵2︶ ᠳ᠋ᠢᠰᠺ᠂ ᠭᠡᠷᠡᠯᠯᠢᠭ ᠳ᠋ᠢᠰᠺ ᠵᠡᠷᠭᠡ | ᠵᠥᠭᠡᠯᠡᠨ ᠬᠡᠷᠡᠭᠰᠡᠯ ᠤᠨ ᠴᠢᠨᠠᠷᠲᠠᠢ ᠮᠡᠷᠭᠡᠵᠢᠯ ᠤᠨ ᠠᠴᠢᠶᠠᠯᠠᠭᠴᠢ᠂ ᠠᠮᠢᠲᠠᠨ ᠤᠷᠭᠤᠮᠠᠯ ︵ᠭᠧᠨ ᠬᠤᠪᠢᠷᠠᠭᠤᠯᠤᠭᠰᠠᠨ | ᠠᠮᠢᠲᠠᠨ ᠤᠷᠭᠤᠮᠠᠯ ᠪᠠᠭᠲᠠᠨ᠎ᠠ︶ ᠤᠨ ᠰᠢᠨ᠎ᠡ ᠡᠭᠦᠯᠳᠡᠷ᠂ ᠮᠢᠺᠷᠣᠪ ᠪᠠᠺᠲ᠋ᠧᠷᠢ ᠶᠢᠨ ᠲᠦᠷᠦᠯ ᠵᠢᠴᠢ ᠦᠯᠢᠭᠡᠷ ᠡᠳ᠋᠂ | ᠦᠯᠢᠭᠡᠷ ᠮᠠᠰᠢᠨ ᠵᠡᠷᠭᠡ ᠦᠢᠯᠡᠳᠬᠦᠨ ᠤ ᠮᠡᠷᠭᠡᠵᠢᠯ ᠪᠠ ᠬᠠᠲᠠᠭᠤ ᠬᠡᠷᠡᠭᠰᠡᠯ ᠤᠨ ᠴᠢᠨᠠᠷᠲᠠᠢ ᠮᠡᠷᠭᠡᠵᠢᠯ ᠤᠨ | ᠠᠴᠢᠶᠠᠯᠠᠭᠴᠢ ᠶᠢ ᠲᠤᠬᠠᠢ ᠶᠢᠨ ᠬᠥᠮᠥᠨ ᠤ ᠴᠢᠬᠤᠯᠠ ᠪᠦᠬᠦᠢ ᠲᠤᠷᠰᠢᠯᠲᠠ ᠬᠢᠬᠦ ᠪᠠ ᠲᠤᠰ ᠮᠡᠷᠭᠡᠵᠢᠯ ᠢ ᠡᠵᠡᠮᠰᠢᠬᠦ᠂ | ᠬᠡᠷᠡᠭᠯᠡᠬᠦ ᠳᠤ ᠬᠡᠷᠡᠭᠰᠡᠬᠦ ᠲᠤᠭ᠎ᠠ ᠬᠡᠮᠵᠢᠶ᠎ᠡ ᠪᠠᠷ ᠬᠢᠵᠠᠭᠠᠷᠯᠠᠨ᠎ᠠ᠃ ︵3︶ ᠢᠵᠢ ᠪᠦᠷᠢᠨ ᠮᠡᠷᠭᠡᠵᠢᠯ ᠤᠨ ᠲᠥᠬᠦᠭᠡᠷᠦᠮᠵᠢ | ᠪᠠ ᠲᠤᠷᠰᠢᠯᠲᠠ ᠶᠢᠨ ᠲᠥᠬᠦᠭᠡᠷᠦᠮᠵᠢ ᠶᠢ ᠶᠡᠷᠦ ᠳᠡᠭᠡᠨ 1-2 ᠢᠵᠢ ᠪᠠᠷ ᠬᠢᠵᠠᠭᠠᠷᠯᠠᠨ᠎ᠠ᠃ 9. ᠮᠡᠷᠭᠡᠵᠢᠯ ᠢ | ᠰᠢᠯᠵᠢᠭᠦᠯᠦᠨ ᠥᠭᠬᠦ ︵ᠵᠥᠪᠰᠢᠶᠡᠷᠡᠬᠦ︶ ᠭᠡᠷ᠎ᠡ ᠶᠢ ᠮᠠᠭᠠᠳᠯᠠᠨ ᠲᠣᠭᠲᠠᠭᠠᠬᠤ ᠭᠤᠣᠯᠳᠠᠯᠭ᠎ᠠ ᠨᠢ ᠶᠠᠭᠤ ᠶᠠᠭᠤ ᠪᠠᠶᠢᠳᠠᠭ | ᠪᠤᠢ? ︵1︶ ᠭᠡᠷ᠎ᠡ ᠶᠢᠨ ᠬᠠᠷᠠᠯᠲᠠ ᠨᠢ ᠲᠤᠬᠠᠢ ᠶᠢᠨ ᠬᠥᠮᠥᠨ ᠤ ᠭᠡᠷ᠎ᠡ ᠲᠣᠭᠲᠠᠭᠠᠬᠤ ᠦᠶ᠎ᠡ ᠳᠤ ᠨᠢᠭᠡᠨᠲᠡ | ᠡᠵᠡᠮᠰᠢᠭᠰᠡᠨ ᠮᠡᠷᠭᠡᠵᠢᠯ ᠤᠨ ᠦᠷ᠎ᠡ ᠪᠦᠲᠦᠭᠡᠯ ᠪᠣᠯᠣᠨ᠎ᠠ᠂ ᠡᠭᠦᠨ ᠳᠤ ᠡᠭᠦᠳᠦᠯᠲᠡ ᠪᠦᠲᠦᠭᠡᠯᠲᠡ ᠶᠢᠨ ᠲᠤᠰᠬᠠᠢ | ᠠᠰᠢᠭ᠂ ᠮᠡᠷᠭᠡᠵᠢᠯ ᠤᠨ ᠨᠢᠭᠤᠴᠠ ᠵᠢᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠤᠰᠤᠳ ᠦᠷ᠎ᠡ | ᠪᠦᠲᠦᠭᠡᠯ ᠪᠠᠭᠲᠠᠨ᠎ᠠ᠃ ︵2︶ ᠭᠡᠷ᠎ᠡ ᠶᠢᠨ ᠬᠠᠷᠠᠯᠲᠠ ᠨᠢ ᠪᠦᠷᠢᠨ ᠪᠦᠲᠦᠨ ᠴᠢᠨᠠᠷ ᠪᠠ ᠬᠡᠷᠡᠭᠯᠡᠭᠡᠨ ᠤ ᠴᠢᠨᠠᠷ ᠲᠠᠢ | ᠪᠠᠶᠢᠵᠤ᠂ ᠬᠤᠯᠪᠣᠭᠳᠠᠯ ᠪᠦᠬᠦᠢ ᠮᠡᠷᠭᠡᠵᠢᠯ ᠤᠨ ᠠᠭᠤᠯᠭ᠎ᠠ ᠨᠢ ᠦᠢᠯᠡᠳᠬᠦᠨ᠂ ᠤᠷᠠᠯᠠᠯ᠂ ᠮᠠᠲ᠋ᠧᠷᠢᠶᠠᠯ᠂ ᠲᠦᠷᠦᠯ ᠵᠦᠢᠯ | ᠵᠢᠴᠢ ᠲᠡᠭᠦᠨ ᠢ ᠥᠭᠡᠷᠡᠴᠢᠯᠡᠨ ᠰᠠᠶᠢᠵᠢᠷᠠᠭᠤᠯᠬᠤ ᠨᠢᠭᠡ ᠵᠦᠢᠯ ᠤᠨ ᠮᠡᠷᠭᠡᠵᠢᠯ ᠤᠨ ᠲᠥᠰᠥᠯ ᠢ ᠪᠦᠷᠢᠯᠳᠦᠭᠦᠯᠦᠭᠰᠡᠨ | ᠪᠠᠶᠢᠬᠤ ᠬᠡᠷᠡᠭᠲᠡᠢ᠃ ︵3︶ ᠲᠤᠬᠠᠢ ᠶᠢᠨ ᠬᠥᠮᠥᠨ ᠨᠢ ᠭᠡᠷ᠎ᠡ ᠶᠢᠨ ᠬᠠᠷᠠᠯᠲᠠ ᠶᠢᠨ ᠲᠤᠬᠠᠢ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠶᠢᠨ ᠬᠠᠷᠢᠶᠠᠯᠠᠯ ᠤᠨ ᠲᠤᠬᠠᠢ ᠲᠣᠳᠣᠷᠬᠠᠢ ᠪᠣᠯᠵᠣᠯ ᠲᠠᠢ ᠪᠠᠶᠢᠬᠤ᠃ | ᠭᠡᠷ᠎ᠡ ᠶᠢᠨ ᠬᠠᠷᠠᠯᠲᠠ ᠨᠢ ᠲᠤᠰᠬᠠᠢ ᠠᠰᠢᠭ ᠤᠨ ᠡᠷᠬᠡ᠂ ᠲᠤᠰᠬᠠᠢ ᠠᠰᠢᠭ ᠭᠤᠶᠤᠴᠢᠯᠠᠬᠤ ᠡᠷᠬᠡ ᠪᠠ ᠮᠡᠷᠭᠡᠵᠢᠯ ᠤᠨ | ᠨᠢᠭᠤᠴᠠ ᠶᠢ ᠬᠡᠷᠡᠭᠯᠡᠬᠦ ᠡᠷᠬᠡ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠡᠷᠬᠡ ᠳᠤ ᠬᠤᠯᠪᠣᠭᠳᠠᠨ᠎ᠠ᠃ 10.ᠶᠠᠮᠠᠷ | ᠶᠠᠮᠠᠷ ᠮᠡᠷᠭᠡᠵᠢᠯ ᠢ ᠰᠢᠯᠵᠢᠭᠦᠯᠦᠨ ᠥᠭᠬᠦ ᠭᠡᠷ᠎ᠡ ᠶᠢ ᠮᠠᠭᠠᠳᠯᠠᠨ ᠲᠣᠭᠲᠠᠭᠠᠬᠤ ᠦᠭᠡᠢ ᠪᠤᠢ? ︵1︶ ᠭᠡᠷ᠎ᠡ ᠶᠢᠨ | ᠬᠠᠷᠠᠯᠲᠠ ᠨᠢ ᠨᠡᠶᠢᠲᠡ ᠶᠢᠨ ᠥᠮᠴᠢᠯᠡᠯ ᠤᠨ ᠬᠦᠷᠢᠶᠡᠨ ᠳᠤ ᠣᠷᠣᠭᠰᠠᠨ ᠮᠡᠳᠡᠯᠭᠡ᠂ ᠮᠡᠷᠭᠡᠵᠢᠯ᠂ ᠲᠤᠷᠰᠢᠯᠭ᠎ᠠ ᠪᠠ | ᠮᠡᠳᠡᠭᠡ ᠵᠠᠩᠭᠢ ᠵᠡᠷᠭᠡ ︵ᠵᠢᠱᠢᠶᠡᠯᠡᠪᠡᠯ ᠲᠤᠰᠬᠠᠢ ᠠᠰᠢᠭ ᠤᠨ ᠡᠷᠬᠡ ᠪᠤᠶᠤ ᠬᠤᠯᠪᠣᠭᠳᠠᠯ ᠪᠦᠬᠦᠢ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠢᠭᠡᠨᠲᠡ ᠳᠠᠭᠤᠰᠤᠭᠰᠠᠨ ᠮᠡᠷᠭᠡᠵᠢᠯ ᠤᠨ ᠦᠷ᠎ᠡ ᠪᠦᠲᠦᠭᠡᠯ︶᠂ ᠡᠰᠡᠬᠦᠯ᠎ᠡ | ᠮᠡᠷᠭᠡᠵᠢᠯ ᠤᠨ ᠨᠢᠭᠤᠴᠠ ᠶᠢ ᠰᠢᠯᠵᠢᠭᠦᠯᠦᠨ ᠥᠭᠬᠦ ᠳᠤ ᠰᠢᠯᠵᠢᠭᠦᠯᠦᠨ ᠥᠭᠬᠦ ᠡᠷᠬᠡ ᠪᠤᠶᠤ ᠬᠡᠷᠡᠭᠯᠡᠬᠦ ᠡᠷᠬᠡ ᠶᠢᠨ | ᠬᠠᠷᠢᠶᠠᠯᠠᠯ ᠢ ᠪᠣᠯᠵᠣᠨ ᠲᠣᠭᠲᠠᠭᠰᠠᠨ ᠦᠭᠡᠢ ᠪᠤᠶᠤ ᠪᠣᠯᠵᠣᠨ ᠲᠣᠭᠲᠠᠭᠰᠠᠨ ᠦᠭᠡᠢ ᠪᠠᠶᠢᠪᠠᠯ᠂ ᠮᠡᠷᠭᠡᠵᠢᠯ ᠢ | ᠰᠢᠯᠵᠢᠭᠦᠯᠦᠨ ᠥᠭᠬᠦ ᠭᠡᠷ᠎ᠡ ᠪᠠ ᠮᠡᠷᠭᠡᠵᠢᠯ ᠤᠨ ᠵᠥᠪᠰᠢᠶᠡᠷᠡᠯ ᠤᠨ ᠭᠡᠷ᠎ᠡ ᠪᠠᠷ ᠮᠠᠭᠠᠳᠯᠠᠨ ᠲᠣᠭᠲᠠᠭᠠᠵᠤ ᠪᠣᠯᠬᠤ | ᠦᠭᠡᠢ᠃ ︵2︶ ᠭᠡᠷ᠎ᠡ ᠶᠢᠨ ᠬᠠᠷᠠᠯᠲᠠ ᠨᠢ ᠵᠥᠪᠬᠡᠨ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠠᠷᠠᠯᠵᠢᠶ᠎ᠠ | ᠪᠠᠶᠢᠵᠤ᠂ ᠮᠡᠷᠭᠡᠵᠢᠯ ᠢ ᠰᠢᠯᠵᠢᠭᠦᠯᠦᠨ ᠥᠭᠬᠦ ᠪᠦᠷᠢᠯᠳᠦᠭᠦᠨ ᠢ ᠪᠠᠭᠲᠠᠭᠠᠬᠤ ᠦᠭᠡᠢ᠃ ︵3︶ ᠳᠡᠭᠡᠳᠦ ᠰᠢᠨ᠎ᠡ | ᠮᠡᠷᠭᠡᠵᠢᠯ ᠤᠨ ᠦᠢᠯᠡᠳᠬᠦᠨ ᠢ ᠳᠠᠭᠠᠯᠳᠤᠭᠤᠯᠤᠨ ᠬᠡᠷᠡᠭᠯᠡᠭᠴᠢᠳ ᠤᠨ ᠬᠤᠯᠪᠣᠭᠳᠠᠯ ᠪᠦᠬᠦᠢ ᠦᠢᠯᠡᠳᠬᠦᠨ ᠤ ᠴᠢᠳᠠᠮᠵᠢ | ᠪᠠ ᠬᠡᠷᠡᠭᠯᠡᠬᠦ ᠠᠷᠭ᠎ᠠ ᠵᠡᠷᠭᠡ ᠬᠤᠳᠠᠯᠳᠤᠭᠠᠨ ᠤ ᠴᠢᠨᠠᠷᠲᠠᠢ ᠲᠣᠳᠣᠷᠬᠠᠶᠢᠯᠠᠯᠲᠠ ᠶᠢᠨ ᠮᠠᠲ᠋ᠧᠷᠢᠶᠠᠯ ᠢ ᠬᠠᠩᠭᠠᠨ᠎ᠠ᠃ | ᠡᠷᠬᠢᠮ ᠵᠣᠴᠢᠨ ᠤ ᠦᠷ᠎ᠡ ᠪᠦᠲᠦᠭᠡᠯ ᠤᠨ ᠬᠠᠮᠢᠶᠠᠷᠤᠯᠲᠠ ᠬᠢᠭᠡᠳ ᠬᠤᠪᠢᠷᠠᠭᠤᠯᠤᠯᠲᠠ ᠶᠢᠨ ᠰᠠᠯᠠᠭᠠᠨ ᠤ | ᠳᠠᠷᠤᠭ᠎ᠠ ᠰᠦᠨ ᠴᠢ ᠄ | 11. ᠮᠡᠷᠭᠡᠵᠢᠯ ᠤᠨ ᠯᠠᠪᠯᠠᠯᠭ᠎ᠠ ᠶᠢᠨ ᠭᠡᠷ᠎ᠡ ᠶᠢ ᠮᠠᠭᠠᠳᠯᠠᠨ ᠲᠣᠭᠲᠠᠭᠠᠬᠤ ᠶᠢᠨ ᠭᠤᠣᠯᠳᠠᠯᠭ᠎ᠠ ᠨᠢ ᠶᠠᠭᠤ | ᠶᠠᠭᠤ ᠪᠠᠶᠢᠬᠤ ᠪᠤᠢ︖ ᠡ᠊ᠩ ᠤᠨ ᠪᠠᠶᠢᠳᠠᠯ ᠳᠤ ᠲᠤᠰᠬᠠᠢ ᠮᠡᠷᠭᠡᠵᠢᠯ ᠤᠨ ᠵᠦᠢᠯᠡᠰ ᠤᠨ ᠵᠥᠪᠯᠡᠯᠭᠡ ᠥᠭᠬᠦ ᠰᠡᠳᠦᠪ | ᠪᠠᠶᠢᠵᠤ᠂ ᠰᠢᠨᠵᠢᠯᠡᠬᠦ ᠤᠬᠠᠭᠠᠨ ᠤ ᠮᠡᠳᠡᠯᠭᠡ ᠪᠠ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠵᠠᠳᠠᠯᠤᠯᠲᠠ᠂ ᠨᠤᠲᠠᠯᠠᠯᠲᠠ᠂ | ᠦᠨᠡᠯᠡᠯᠲᠡ ᠪᠠ ᠵᠢᠱᠢᠯᠲᠡ ᠬᠢᠳᠡᠭ᠂ ᠡᠭᠦᠨ ᠤ ᠵᠣᠷᠢᠯᠭ᠎ᠠ ᠨᠢ ᠨᠠᠶᠢᠳᠠᠭᠰᠠᠨ ᠲᠠᠯ᠎ᠠ ᠠᠴᠠ ᠰᠢᠨᠵᠢᠯᠡᠬᠦ ᠤᠬᠠᠭᠠᠨ ᠤ | ᠰᠤᠳᠤᠯᠭᠠᠨ᠂ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ᠂ ᠦᠷ᠎ᠡ ᠪᠦᠲᠦᠭᠡᠯ ᠤᠨ ᠳᠡᠯᠭᠡᠷᠡᠭᠦᠯᠦᠯᠲᠡ᠂ ᠮᠡᠷᠭᠡᠵᠢᠯ ᠤᠨ ᠥᠭᠡᠷᠡᠴᠢᠯᠡᠯᠲᠡ᠂ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ | ᠵᠦᠢᠯᠡᠰ ᠤᠨ ᠲᠠᠯ᠎ᠠ ᠪᠠᠷ ᠰᠠᠨᠠᠭᠤᠯᠭ᠎ᠠ᠂ ᠰᠠᠨᠠᠯ ᠪᠠ ᠲᠥᠰᠥᠯ ᠳᠤᠷᠠᠳᠬᠤ ᠶᠢᠨ ᠲᠥᠯᠥᠭᠡ ᠶᠤᠮ᠃ 12. | ᠮᠡᠷᠭᠡᠵᠢᠯ ᠤᠨ ᠯᠠᠪᠯᠠᠯᠭ᠎ᠠ ᠶᠢᠨ ᠭᠡᠷ᠎ᠡ ᠳᠤ ᠮᠠᠭᠠᠳᠯᠠᠨ ᠲᠣᠭᠲᠠᠭᠠᠭᠰᠠᠨ ᠦᠭᠡᠢ ᠪᠠᠶᠢᠳᠠᠯ ︵ᠡᠭᠦᠨ ᠳᠤ ᠪᠠᠭᠲᠠᠬᠤ | ᠪᠣᠯᠪᠠᠴᠤ ᠡᠭᠦᠨ ᠳᠤ ᠬᠢᠵᠠᠭᠠᠷᠯᠠᠭᠳᠠᠬᠤ ᠪᠠᠷ ᠵᠣᠭᠰᠣᠬᠤ ᠦᠭᠡᠢ︶ ᠨᠢ ᠶᠠᠭᠤ ᠶᠠᠭᠤ ᠪᠠᠶᠢᠬᠤ ᠪᠤᠢ︖ ︵1︶ ᠠᠵᠤ | ᠠᠬᠤᠢ ᠶᠢᠨ ᠵᠠᠳᠠᠯᠤᠯᠲᠠ᠂ ᠬᠠᠤᠯᠢ ᠴᠠᠭᠠᠵᠠ ᠶᠢᠨ ᠯᠠᠪᠯᠠᠯᠭ᠎ᠠ᠂ ᠨᠡᠶᠢᠭᠡᠮ ᠤᠨ ᠬᠥᠭᠵᠢᠯᠲᠡ ᠶᠢᠨ ᠵᠦᠢᠯᠡᠰ ᠤᠨ ᠲᠤᠬᠠᠢ | ᠨᠤᠲᠠᠯᠠᠯᠲᠠ᠂ ᠦᠨᠡᠯᠡᠯᠲᠡ ᠪᠠ ᠪᠠᠶᠢᠴᠠᠭᠠᠯᠲᠠ ᠶᠢᠨ ᠲᠠᠯ᠎ᠠ ᠪᠠᠷ ᠲᠣᠭᠲᠠᠭᠠᠭᠰᠠᠨ ᠭᠡᠷ᠎ᠡ; ︵2︶ ᠲᠤᠨᠤᠭ ᠲᠥᠬᠦᠭᠡᠷᠦᠮᠵᠢ᠂ | ᠬᠡᠮᠵᠢᠭᠦᠷᠯᠢᠭ᠂ ᠲᠦᠭᠦᠬᠡᠢ ᠮᠠᠲ᠋ᠧᠷᠢᠶᠠᠯ᠂ ᠢᠵᠢ ᠪᠦᠷᠢᠳᠦᠭᠦᠯᠬᠦ ᠦᠢᠯᠡᠳᠬᠦᠨ ᠵᠡᠷᠭᠡ ᠶᠢ ᠬᠤᠳᠠᠯᠳᠤᠨ ᠠᠪᠬᠤ ᠲᠤᠬᠠᠢ | ᠬᠤᠳᠠᠯᠳᠤᠭᠠᠨ ᠤ ᠮᠡᠳᠡᠭᠡ ᠵᠠᠩᠭᠢ ᠶᠢ ᠬᠠᠩᠭᠠᠬᠤ ᠪᠠᠷ ᠲᠣᠭᠲᠠᠭᠠᠭᠰᠠᠨ ᠭᠡᠷ᠎ᠡ᠃ 13.ᠮᠡᠷᠭᠡᠵᠢᠯ ᠤᠨ | ᠦᠢᠯᠡᠴᠢᠯᠡᠭᠡᠨ ᠤ ᠭᠡᠷ᠎ᠡ ᠶᠢ ᠮᠠᠭᠠᠳᠯᠠᠨ ᠲᠣᠭᠲᠠᠭᠠᠬᠤ ᠭᠤᠣᠯᠳᠠᠯᠭ᠎ᠠ ᠨᠢ ᠶᠠᠭᠤ ᠶᠠᠭᠤ ᠪᠠᠶᠢᠳᠠᠭ ᠪᠤᠢ? ᠶᠡᠷᠦ ᠳᠡᠭᠡᠨ | ᠲᠤᠰᠬᠠᠢ ᠮᠡᠷᠭᠡᠵᠢᠯ ᠤᠨ ᠮᠡᠳᠡᠯᠭᠡ᠂ ᠲᠤᠷᠰᠢᠯᠭ᠎ᠠ ᠪᠠ ᠮᠡᠳᠡᠭᠡ ᠵᠠᠩᠭᠢ ᠶᠢ ᠬᠡᠷᠡᠭᠯᠡᠨ ᠲᠤᠰᠬᠠᠢ ᠮᠡᠷᠭᠡᠵᠢᠯ ᠤᠨ | ᠠᠰᠠᠭᠤᠳᠠᠯ ᠢ ᠰᠢᠢᠳᠪᠦᠷᠢᠯᠡᠬᠦ ᠦᠢᠯᠡᠴᠢᠯᠡᠭᠡᠨ ᠤ ᠴᠢᠨᠠᠷᠲᠠᠢ ᠵᠦᠢᠯᠡᠰ ᠲᠤ ᠠᠭᠤᠯᠭ᠎ᠠ ᠪᠠᠭᠲᠠᠨ᠎ᠠ᠄ ᠦᠢᠯᠡᠳᠬᠦᠨ ᠤ | ᠪᠦᠲᠦᠴᠡ ᠶᠢ ᠰᠠᠶᠢᠵᠢᠷᠠᠭᠤᠯᠬᠤ᠂ ᠤᠷᠠᠨ ᠮᠡᠷᠭᠡᠰᠢᠯ ᠤᠨ ᠶᠠᠪᠤᠴᠠ ᠶᠢ ᠰᠠᠶᠢᠵᠢᠷᠠᠭᠤᠯᠬᠤ᠂ ᠦᠢᠯᠡᠳᠬᠦᠨ ᠤ ᠶᠠᠰᠤ | ᠴᠢᠨᠠᠷ ᠢ ᠳᠡᠭᠡᠭᠰᠢᠯᠡᠭᠦᠯᠬᠦ᠂ ᠦᠢᠯᠡᠳᠬᠦᠨ ᠤ ᠥᠪᠡᠷ ᠤᠨ ᠦᠷᠳᠡᠭ ᠢ ᠪᠠᠭᠤᠷᠠᠭᠤᠯᠬᠤ᠂ ᠡᠬᠢ ᠪᠠᠶᠠᠯᠢᠭ ᠡᠨᠧᠷᠭᠢ ᠶᠢᠨ | ᠬᠤᠷᠣᠭᠳᠠᠯ ᠢ ᠠᠷᠪᠢᠯᠠᠬᠤ᠂ ᠡᠬᠢ ᠪᠠᠶᠠᠯᠢᠭ ᠣᠷᠴᠢᠨ ᠠᠬᠤᠢ ᠶᠢ ᠬᠠᠮᠠᠭᠠᠯᠠᠬᠤ᠂ ᠠᠶᠤᠯᠭᠦᠢ ᠠᠵᠢᠯᠯᠠᠬᠤ ᠶᠢ ᠪᠡᠶᠡᠯᠡᠭᠦᠯᠬᠦ᠂ | ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠳᠡᠭᠡᠭᠰᠢᠯᠡᠭᠦᠯᠬᠦ ᠵᠡᠷᠭᠡ ᠲᠤᠰᠬᠠᠢ | ᠮᠡᠷᠭᠡᠵᠢᠯ ᠤᠨ ᠠᠵᠢᠯ ᠪᠠᠭᠲᠠᠨ᠎ᠠ᠃ ᠮᠡᠷᠭᠡᠵᠢᠯ ᠤᠨ ᠦᠢᠯᠡᠴᠢᠯᠡᠭᠡᠨ ᠤ ᠭᠡᠷ᠎ᠡ ᠨᠢ ᠡ᠊ᠩ ᠤᠨ ᠪᠠᠶᠢᠳᠠᠯ ᠳᠤ ᠲᠤᠰᠬᠠᠢ | ᠠᠰᠢᠭ ᠪᠠ ᠮᠡᠷᠭᠡᠵᠢᠯ ᠤᠨ ᠨᠢᠭᠤᠴᠠ ᠶᠢᠨ ᠦᠷ᠎ᠡ ᠪᠦᠲᠦᠭᠡᠯ ᠤᠨ ᠡᠷᠬᠡ ᠶᠢᠨ ᠬᠠᠷᠢᠶᠠᠯᠠᠯ ᠤᠨ ᠠᠰᠠᠭᠤᠳᠠᠯ ᠳᠤ | ᠬᠤᠯᠪᠣᠭᠳᠠᠬᠤ ᠦᠭᠡᠢ᠃ 14. ᠮᠡᠷᠭᠡᠵᠢᠯ ᠤᠨ ᠦᠢᠯᠡᠴᠢᠯᠡᠭᠡᠨ ᠤ ᠭᠡᠷ᠎ᠡ ᠶᠢ ᠮᠠᠭᠠᠳᠯᠠᠨ ᠲᠣᠭᠲᠠᠭᠠᠵᠤ ᠥᠭᠬᠦ ᠦᠭᠡᠢ | ᠪᠠᠶᠢᠳᠠᠯ ︵ᠡᠭᠦᠨ ᠳᠤ ᠪᠠᠭᠲᠠᠬᠤ ᠪᠣᠯᠪᠠᠴᠤ ᠡᠭᠦᠨ ᠳᠤ ᠯᠡ ᠬᠢᠵᠠᠭᠠᠷᠯᠠᠭᠳᠠᠬᠤ ᠪᠢᠰᠢ︶ ᠨᠢ ᠶᠠᠭᠤ ᠶᠠᠭᠤ ᠪᠠᠶᠢᠬᠤ ᠪᠤᠢ︖ | ︵1︶ ᠡ᠊ᠩ ᠤᠨ ᠠᠷᠭ᠎ᠠ ᠪᠠᠷᠢᠯ ᠪᠤᠶᠤ ᠦᠢᠯᠡᠳᠪᠦᠷᠢᠯᠡᠯ ᠡᠵᠡᠩᠨᠡᠯᠲᠡ ᠶᠢᠨ ᠵᠣᠷᠢᠯᠭ᠎ᠠ ᠪᠠᠷ ᠡ᠊ᠩ ᠤᠨ | ᠪᠣᠯᠪᠠᠰᠤᠷᠠᠭᠤᠯᠬᠤ᠂ ᠵᠠᠬᠢᠶᠠᠯᠠᠨ ᠬᠢᠯᠭᠡᠬᠦ᠂ ᠰᠡᠯᠪᠢᠨ ᠵᠠᠰᠠᠬᠤ᠂ ᠰᠡᠯᠪᠢᠨ ᠵᠠᠰᠠᠬᠤ᠂ ᠵᠠᠷ ᠭᠠᠷᠭᠠᠬᠤ᠂ ᠳᠠᠷᠤᠮᠠᠯᠯᠠᠬᠤ᠂ | ᠬᠡᠮᠵᠢᠨ ᠵᠢᠷᠤᠬᠤ᠂ ᠪᠠᠷᠢᠮᠵᠢᠶᠠᠵᠢᠭᠤᠯᠤᠨ ᠰᠢᠯᠭᠠᠬᠤ ᠵᠡᠷᠭᠡ ᠪᠠᠷ ᠲᠣᠭᠲᠠᠭᠠᠭᠰᠠᠨ ᠪᠣᠯᠪᠠᠰᠤᠷᠠᠭᠤᠯᠬᠤ ᠶᠢ | ᠳᠠᠭᠠᠭᠠᠴᠢᠯᠠᠬᠤ ᠭᠡᠷ᠎ᠡ ᠪᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠶᠢᠨ ᠪᠠᠶᠢᠴᠠᠭᠠᠬᠤ᠂ ᠵᠢᠷᠤᠵᠤ | ᠲᠥᠯᠥᠪᠯᠡᠬᠦ᠂ ᠲᠣᠨᠣᠭᠯᠠᠬᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠭᠡᠷ᠎ᠡ᠃ ᠭᠡᠪᠡᠴᠦ ᠬᠡᠪ ᠤᠨ ᠪᠤᠰᠤ ᠮᠡᠷᠭᠡᠵᠢᠯ ᠤᠨ | ᠠᠷᠭ᠎ᠠ ᠪᠠᠷᠢᠯ ᠢᠶᠠᠷ ᠨᠠᠷᠢᠨ ᠪᠤᠳᠤᠯᠢᠶᠠᠨᠲᠠᠢ᠂ ᠣᠨᠴᠠᠭᠠᠶ ᠮᠡᠷᠭᠡᠵᠢᠯ ᠤᠨ ᠠᠰᠠᠭᠤᠳᠠᠯ ᠢ ᠰᠢᠢᠳᠪᠦᠷᠢᠯᠡᠭᠡᠳ ᠲᠤᠰᠠᠭᠠᠷ | ᠲᠣᠭᠲᠠᠭᠠᠭᠰᠠᠨ ᠭᠡᠷ᠎ᠡ ᠡᠭᠦᠨ ᠳᠤ ᠪᠠᠭᠲᠠᠬᠤ ᠦᠭᠡᠢ᠃ ︵2︶ ᠵᠢᠷᠤᠭ ᠵᠢᠷᠤᠭ᠂ ᠣᠷᠴᠢᠭᠤᠯᠭ᠎ᠠ ᠶᠢᠨ ᠮᠠᠲ᠋ᠧᠷᠢᠶᠠᠯ᠂ | ᠭᠡᠷᠡᠯ ᠵᠢᠷᠤᠭ ᠳᠦᠷᠰᠦ ᠰᠢᠩᠭᠡᠭᠡᠯᠲᠡ ᠵᠡᠷᠭᠡ ᠶᠢ ᠰᠢᠷᠪᠢᠵᠦ ᠳᠠᠷᠤᠮᠠᠯᠯᠠᠬᠤ ᠶᠢᠨ ᠲᠥᠯᠥᠭᠡ ᠲᠣᠭᠲᠠᠭᠠᠭᠰᠠᠨ ᠭᠡᠷ᠎ᠡ᠃ | (2) ᠵᠢᠷᠤᠭ ᠳᠦᠷᠰᠦ᠂ ᠣᠷᠴᠢᠭᠤᠯᠭ᠎ᠠ ᠶᠢᠨ ᠮᠠᠲ᠋ᠧᠷᠢᠶᠠᠯ᠂ ᠭᠡᠷᠡᠯ ᠵᠢᠷᠤᠭ ᠳᠦᠷᠰᠦ ᠰᠢᠩᠭᠡᠭᠡᠯᠲᠡ ᠵᠡᠷᠭᠡ ᠶᠢ | ᠰᠢᠷᠪᠢᠵᠦ ᠳᠠᠷᠤᠮᠠᠯᠯᠠᠬᠤ ᠶᠢᠨ ᠲᠥᠯᠥᠭᠡ ᠲᠣᠭᠲᠠᠭᠠᠭᠰᠠᠨ ᠭᠡᠷ᠎ᠡ᠃ ︵3︶ ᠬᠡᠮᠵᠢᠯᠲᠡ ᠶᠢ ᠰᠢᠯᠭᠠᠨ ᠲᠣᠭᠲᠠᠭᠠᠬᠤ | ᠨᠢᠭᠡᠴᠢ ᠶᠢᠨ ᠠᠯᠪᠠᠳᠠᠯᠭ᠎ᠠ ᠶᠢᠨ ᠴᠢᠨᠠᠷᠲᠠᠢ ᠬᠡᠮᠵᠢᠯᠲᠡ ᠶᠢ ᠰᠢᠯᠭᠠᠨ ᠲᠣᠭᠲᠠᠭᠠᠬᠤ ᠲᠤᠬᠠᠢ ᠲᠣᠭᠲᠠᠭᠠᠭᠰᠠᠨ ᠭᠡᠷ᠎ᠡ᠃ | ︵4︶ ᠹᠢᠽᠢᠺ ᠬᠢᠮᠢ ᠶᠢᠨ ᠬᠡᠮᠵᠢᠨ ᠵᠠᠳᠠᠯᠬᠤ ᠨᠢᠭᠡᠴᠢ ᠠᠴᠠ ᠬᠡᠮᠵᠢᠭᠦᠷᠯᠢᠭ ᠲᠤᠨᠤᠭ ᠲᠥᠬᠦᠭᠡᠷᠦᠮᠵᠢ ᠶᠢ ᠬᠤᠳᠠᠯᠳᠤᠨ | ᠠᠪᠴᠤ ᠬᠤᠳᠠᠯᠳᠤᠬᠤ᠂ ᠲᠦᠷᠢᠶᠡᠰᠦᠯᠡᠬᠦ ᠵᠢᠴᠢ ᠬᠡᠷᠡᠭᠯᠡᠭᠴᠢ ᠶᠢᠨ ᠦᠢᠯᠡᠴᠢᠯᠡᠭᠡ ᠶᠢᠨ ᠲᠤᠬᠠᠢ ᠲᠣᠭᠲᠠᠭᠠᠭᠰᠠᠨ ᠭᠡᠷ᠎ᠡ᠃ | 15.ᠮᠡᠷᠭᠡᠵᠢᠯ ᠤᠨ ᠦᠢᠯᠡᠴᠢᠯᠡᠭᠡᠨ ᠤ ᠭᠡᠷ᠎ᠡ ᠪᠣᠯᠣᠨ ᠮᠡᠷᠭᠡᠵᠢᠯ ᠢ ᠨᠡᠭᠡᠭᠡᠨ ᠠᠰᠢᠭᠯᠠᠬᠤ ᠭᠡᠷ᠎ᠡ ᠶᠢᠨ ᠢᠯᠭᠠᠭ᠎ᠠ ᠨᠢ | ᠶᠠᠭᠤ ᠪᠤᠢ︖ ᠮᠡᠷᠭᠡᠵᠢᠯ ᠤᠨ ᠦᠢᠯᠡᠴᠢᠯᠡᠭᠡ ᠶᠢᠨ ᠨᠠᠶᠢᠳᠠᠯᠭ᠎ᠠ ᠬᠦᠯᠢᠶᠡᠭᠰᠡᠨ ᠲᠠᠯ᠎ᠠ ᠨᠢ ᠤᠳᠤ ᠶᠢᠨ ᠪᠠᠶᠢᠭ᠎ᠠ | ᠮᠡᠳᠡᠯᠭᠡ᠂ ᠲᠤᠷᠰᠢᠯᠭ᠎ᠠ᠂ ᠮᠡᠷᠭᠡᠵᠢᠯ᠂ ᠮᠡᠳᠡᠭᠡ ᠵᠠᠩᠭᠢ ᠪᠠᠷ ᠢᠶᠠᠨ ᠨᠠᠶᠢᠳᠠᠭᠰᠠᠨ ᠲᠠᠯ᠎ᠠ ᠳᠤ ᠤᠯᠠᠮᠵᠢᠯᠠᠵᠤ ᠥᠭᠬᠦ ᠪᠠ | ᠮᠡᠷᠭᠡᠵᠢᠯ ᠤᠨ ᠲᠠᠯ᠎ᠠ ᠪᠠᠷ ᠬᠠᠮᠵᠢᠯᠴᠠᠬᠤ ᠳᠠᠭᠠᠨ ᠢᠯᠠᠭᠳᠠᠯ ᠳᠤ ᠬᠦᠷᠦᠭᠦᠯᠬᠦ ᠮᠡᠷᠭᠡᠵᠢᠯ ᠤᠨ ᠠᠶᠤᠯ ᠲᠦᠭᠰᠢᠭᠦᠷᠢ | ᠪᠠᠶᠢᠬᠤ ᠦᠭᠡᠢ᠂ ᠪᠡᠶᠡᠯᠡᠭᠦᠯᠦᠭᠰᠡᠨ ᠠᠵᠢᠯ ᠤᠨ ᠦᠷ᠎ᠡ ᠪᠦᠲᠦᠭᠡᠯ ᠨᠢ ᠡ᠊ᠩ ᠤᠨ ᠪᠠᠶᠢᠳᠠᠯ ᠳᠤ ᠲᠤᠰᠬᠠᠢ ᠠᠰᠢᠭ ᠤᠨ | ᠮᠡᠷᠭᠡᠵᠢᠯ ᠪᠤᠶᠤ ᠲᠤᠰᠬᠠᠢ ᠡᠵᠡᠮᠰᠢᠬᠦ ᠮᠡᠷᠭᠡᠵᠢᠯ ᠢ ᠪᠦᠷᠢᠯᠳᠦᠭᠦᠯᠵᠦ ᠴᠢᠳᠠᠬᠤ ᠦᠭᠡᠢ᠂ ᠭᠡᠷ᠎ᠡ ᠳᠤ ᠬᠤᠯᠪᠣᠭᠳᠠᠯ | ᠪᠦᠬᠦᠢ ᠲᠤᠰᠬᠠᠢ ᠠᠰᠢᠭ ᠤᠨ ᠮᠡᠷᠭᠡᠵᠢᠯ ᠪᠠ ᠲᠤᠰᠬᠠᠢ ᠠᠰᠢᠭ ᠤᠨ ᠪᠤᠰᠤ ᠮᠡᠷᠭᠡᠵᠢᠯ ᠤᠨ ᠬᠠᠷᠢᠶᠠᠯᠠᠯ ᠪᠠ ᠦᠷ᠎ᠡ | ᠪᠦᠲᠦᠭᠡᠯ ᠢ ᠬᠤᠪᠢᠶᠠᠨ ᠡᠳ᠋ᠯᠡᠬᠦ ᠵᠦᠢᠯ ᠵᠤᠷᠪᠤᠰ ᠢ ᠪᠣᠯᠵᠣᠨ ᠲᠣᠭᠲᠠᠭᠠᠬᠤ ᠴᠢᠬᠤᠯᠠ ᠦᠭᠡᠢ᠃ ᠮᠡᠷᠭᠡᠵᠢᠯ ᠤᠨ | ᠦᠢᠯᠡᠴᠢᠯᠡᠭᠡ ᠶᠢᠨ ᠨᠠᠶᠢᠳᠠᠯᠭ᠎ᠠ ᠬᠦᠯᠢᠶᠡᠭᠰᠡᠨ ᠲᠠᠯ᠎ᠠ ᠨᠢ ᠥᠪᠡᠷ ᠤᠨ ᠡᠵᠡᠮᠰᠢᠭᠰᠡᠨ ᠮᠡᠷᠭᠡᠵᠢᠯ ᠤᠨ ᠮᠡᠳᠡᠯᠭᠡ ᠪᠠᠨ | ᠬᠡᠷᠡᠭᠯᠡᠬᠦ ᠶᠢᠨ ᠵᠡᠷᠭᠡ ᠪᠠᠷ ᠪᠤᠶᠤ ᠤᠷᠢᠳ ᠬᠤᠵᠢᠳ ᠤᠯᠠᠨ ᠨᠠᠶᠢᠳᠠᠭᠰᠠᠨ ᠲᠠᠯ᠎ᠠ ᠳᠤ ᠠᠳᠠᠯᠢᠬᠠᠨ ᠮᠡᠷᠭᠡᠵᠢᠯ ᠤᠨ | ᠦᠢᠯᠡᠴᠢᠯᠡᠭᠡ ᠶᠢ ᠳᠠᠪᠲᠠᠨ ᠬᠠᠩᠭᠠᠵᠤ ᠪᠣᠯᠣᠨ᠎ᠠ᠃ ᠮᠡᠷᠭᠡᠵᠢᠯ ᠤᠨ ᠦᠢᠯᠡᠴᠢᠯᠡᠭᠡᠨ ᠤ ᠭᠡᠷ᠎ᠡ ᠶᠢᠨ ᠦᠢᠯᠡᠴᠢᠯᠡᠭᠡ ᠨᠢ | ᠳᠠᠪᠲᠠᠯᠲᠠ ᠶᠢᠨ ᠴᠢᠨᠠᠷᠲᠠᠢ ᠣᠨᠴᠠᠯᠢᠭ ᠲᠠᠢ ᠪᠠᠶᠢᠳᠠᠭ᠂ ᠮᠡᠷᠭᠡᠵᠢᠯ ᠢ ᠨᠡᠭᠡᠭᠡᠨ ᠠᠰᠢᠭᠯᠠᠬᠤ ᠭᠡᠷ᠎ᠡ ᠨᠢ ᠮᠡᠷᠭᠡᠵᠢᠯ ᠤᠨ | ᠦᠢᠯᠡᠴᠢᠯᠡᠭᠡᠨ ᠤ ᠭᠡᠷ᠎ᠡ ᠲᠠᠢ ᠠᠳᠠᠯᠢ ᠦᠭᠡᠢ ᠪᠠᠶᠢᠳᠠᠭ᠂ ᠲᠡᠷᠡ ᠪᠣᠯ ᠲᠡᠭᠦᠨ ᠤ ᠰᠤᠳᠤᠯᠤᠨ ᠨᠡᠭᠡᠭᠡᠬᠦ ᠲᠠᠯ᠎ᠠ ᠶᠢᠨ | ᠲᠤᠰᠬᠠᠢ ᠮᠡᠷᠭᠡᠵᠢᠯ ᠤᠨ ᠮᠡᠳᠡᠯᠭᠡ ᠶᠢ ᠬᠡᠷᠡᠭᠯᠡᠨ ᠦᠯᠦ ᠮᠡᠳᠡᠬᠦ ᠬᠦᠷᠢᠶᠡᠨ ᠳᠤ ᠬᠢᠭᠰᠡᠨ ᠪᠦᠲᠦᠭᠡᠯᠴᠢ ᠴᠢᠨᠠᠷᠲᠠᠢ | ᠠᠵᠢᠯ ᠪᠣᠯᠣᠨ᠎ᠠ᠃ | ᠬᠥᠲᠥᠯᠥᠭᠴᠢ᠄ | ᠭᠤᠷᠪᠠᠭᠤᠯᠠ ᠶᠢᠨ ᠲᠠᠨᠢᠯᠴᠠᠭᠤᠯᠭ᠎ᠠ ᠳᠤ ᠲᠠᠯᠠᠷᠬᠠᠵᠤ ᠪᠠᠶᠢᠨ᠎ᠠ᠂ ᠰᠣᠨᠣᠰᠤᠭᠴᠢᠳ ᠴᠥᠮ ᠮᠡᠷᠭᠡᠵᠢᠯ ᠤᠨ | ᠭᠡᠷ᠎ᠡ ᠶᠢ ᠮᠠᠭᠠᠳᠯᠠᠨ ᠲᠣᠭᠲᠠᠭᠠᠬᠤ ᠳᠠᠩᠰᠠᠯᠠᠯᠲᠠ ᠶᠢ ᠬᠡᠷᠬᠢᠨ ᠭᠦᠢᠴᠡᠳᠬᠡᠬᠦ ᠶᠢ ᠨᠡᠯᠢᠶᠡᠳ ᠠᠩᠬᠠᠷᠴᠤ ᠪᠠᠶᠢᠨ᠎ᠠ᠂ | ᠪᠣᠳᠠᠲᠠᠢ ᠠᠯᠬᠤᠮ ᠳᠠᠷᠠᠭ᠎ᠠ ᠪᠠᠨ ᠲᠠᠨᠢᠯᠴᠠᠭᠤᠯᠤᠭᠠᠷᠠᠢ᠃ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ | ᠲᠥᠪ ᠤᠨ ᠳᠡᠭᠡᠳᠦ ᠵᠡᠷᠭᠡ ᠶᠢᠨ ᠢᠨᠵᠧᠨᠧᠷ ᠵᠣᠣ ᠽᠠᠨᠳᠠᠨ᠄ | ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠶᠢ ᠭᠦᠢᠴᠡᠳᠬᠡᠬᠦ ᠳᠤ ᠪᠣᠳᠠᠲᠠᠢ ᠪᠠᠷ 4 | ᠠᠯᠬᠤᠮ ᠬᠤᠪᠢᠶᠠᠵᠤ ᠪᠣᠯᠣᠨ᠎ᠠ᠄ 1. ᠠᠯᠪᠠᠨ ᠪᠢᠴᠢᠭ ᠬᠢᠭᠴᠢ ᠲᠡᠮᠳᠡᠭᠯᠡᠬᠦ ᠶᠢᠨ ᠬᠠᠮᠲᠤ ᠭᠡᠷ᠎ᠡ ᠭᠤᠶᠤᠴᠢᠯᠠᠭᠴᠢ ᠪᠠᠨ | ᠲᠤᠰᠢᠶᠠᠵᠤ ᠪᠥᠬᠦ ᠤᠯᠤᠰ ᠤᠨ ᠮᠡᠷᠭᠡᠵᠢᠯ ᠤᠨ ᠭᠡᠷ᠎ᠡ ᠶᠢᠨ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠰᠢᠰᠲ᠋ᠧᠮ ︵ | https://ctmht.chinatorch.org.cn/admin/login︶ ᠳᠤ ᠲᠡᠮᠳᠡᠭᠯᠡᠭᠦᠯᠬᠦ ᠪᠠᠷ ᠳᠠᠮᠵᠢᠭᠤᠯᠤᠨ | ᠭᠦᠢᠴᠡᠳᠬᠡᠨ᠎ᠡ᠃ ᠠᠵᠤ ᠠᠬᠤᠶᠢᠯᠠᠯ ᠳᠤ ᠰᠠᠨᠠᠭᠤᠯᠬᠤ ᠪᠠᠷ ᠳᠠᠮᠵᠢᠭᠤᠯᠤᠨ ᠳᠠᠩᠰᠠᠯᠠᠭᠤᠯᠬᠤ ᠶᠢᠨ ᠬᠠᠮᠲᠤ ᠦᠨᠡᠨ | ᠨᠡᠷ᠎ᠡ ᠪᠠᠷ ᠢᠶᠠᠨ ᠭᠡᠷᠡᠴᠢᠯᠡᠭᠰᠡᠨ ᠤ ᠳᠠᠷᠠᠭ᠎ᠠ᠂ ᠭᠡᠷ᠎ᠡ ᠶᠢᠨ ᠭᠤᠶᠤᠴᠢᠯᠠᠯ ᠢᠶᠠᠨ ᠲᠤᠰᠢᠶᠠᠨ᠎ᠠ᠃ ᠤᠯᠤᠰ ᠤᠨ | ᠳᠣᠲᠣᠭᠠᠳᠤ ᠳᠤ ᠲᠣᠭᠲᠠᠭᠠᠭᠰᠠᠨ ᠮᠡᠷᠭᠡᠵᠢᠯ ᠤᠨ ᠭᠡᠷ᠎ᠡ ᠪᠠ ᠭᠠᠳᠠᠭᠠᠳᠤ ᠳᠤ ᠭᠠᠷᠭᠠᠬᠤ ᠮᠡᠷᠭᠡᠵᠢᠯ ᠤᠨ ᠭᠡᠷ᠎ᠡ ᠶᠢ | ᠮᠠᠭᠠᠳᠯᠠᠨ ᠲᠣᠭᠲᠠᠭᠠᠵᠤ ᠳᠠᠩᠰᠠᠯᠠᠬᠤ ᠳᠤ᠂ ᠬᠤᠳᠠᠯᠳᠤᠭᠴᠢ ᠶᠢᠨ ᠠᠵᠤ ᠠᠬᠤᠶᠢᠯᠠᠯ ᠠᠴᠠ ᠳᠠᠩᠰᠠᠯᠠᠭᠤᠯᠵᠤ᠂ | ᠰᠢᠰᠲ᠋ᠧᠮ ᠤᠨ ᠳᠣᠲᠣᠷᠠᠬᠢ ᠭᠡᠷ᠎ᠡ ᠶᠢᠨ ᠬᠠᠮᠢᠶᠠᠷᠤᠯᠲᠠ ᠶᠢᠨ ᠭᠤᠣᠯ ᠵᠠᠭᠠᠭ ᠭᠠᠳᠠᠷᠭᠤ ᠳᠤ ᠣᠷᠣᠭᠰᠠᠨ ᠤ ᠲᠠᠷᠠᠭ᠎ᠠ | ︽ᠬᠢᠯᠢ ᠶᠢᠨ ᠳᠣᠲᠣᠷᠠᠬᠢ ᠭᠡᠷ᠎ᠡ ᠶᠢᠨ ᠭᠤᠶᠤᠴᠢᠯᠠᠯ︾ ᠢ ᠰᠣᠩᠭᠤᠨ᠎ᠠ᠃ ᠭᠠᠳᠠᠭᠠᠳᠤ ᠠᠴᠠ ᠣᠷᠣᠭᠤᠯᠬᠤ ᠭᠡᠷ᠎ᠡ ᠶᠢ | ᠮᠠᠭᠠᠳᠯᠠᠨ ᠲᠣᠭᠲᠠᠭᠠᠵᠤ ᠳᠠᠩᠰᠠᠯᠠᠭᠤᠯᠬᠤ ᠳᠤ᠂ ᠬᠤᠳᠠᠯᠳᠤᠨ ᠠᠪᠤᠭᠴᠢ ︵ᠳᠤᠮᠳᠠᠳᠤ ᠶᠢᠨ ᠲᠠᠯ᠎ᠠ︶ ᠶᠢᠨ ᠠᠵᠤ | ᠠᠬᠤᠶᠢᠯᠠᠯ ᠠᠴᠠ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠭᠤᠯᠵᠤ᠂ ᠰᠢᠰᠲ᠋ᠧᠮ ᠳᠠᠬᠢ | ︽ᠭᠠᠳᠠᠭᠠᠳᠤ ᠠᠴᠠ ᠣᠷᠣᠭᠤᠯᠬᠤ ᠭᠡᠷ᠎ᠡ ᠶᠢᠨ ᠭᠤᠶᠤᠴᠢᠯᠠᠯ︾ ᠢ ᠰᠣᠩᠭᠤᠨ᠎ᠠ᠃ ᠭᠡᠷ᠎ᠡ ᠶᠢ ᠭᠤᠶᠤᠴᠢᠯᠠᠬᠤ ᠳᠤ | ᠮᠡᠷᠭᠡᠵᠢᠯ ᠤᠨ ᠭᠡᠷ᠎ᠡ ᠶᠢᠨ ᠦᠨᠳᠦᠰᠦᠨ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠵᠥᠪ ᠣᠨᠣᠪᠴᠢᠲᠠᠶ ᠲᠠᠭᠯᠠᠨ | ᠪᠢᠴᠢᠵᠦ᠂ ᠠᠯᠳᠠᠭ᠎ᠠ ᠦᠭᠡᠢ ᠪᠠᠶᠢᠬᠤ ᠶᠢ ᠨᠤᠲᠠᠯᠠᠭᠰᠠᠨ ᠤ ᠲᠠᠷᠠᠭ᠎ᠠ ᠲᠤᠰᠢᠶᠠᠬᠤ ᠶᠢ ᠲᠣᠪᠴᠢᠳᠠᠨ᠎ᠠ᠃ 2. ᠨᠤᠲᠠᠯᠠᠨ | ᠲᠣᠭᠲᠠᠭᠠᠵᠤ ᠳᠠᠩᠰᠠᠯᠠᠬᠤ ᠪᠠᠶᠢᠭᠤᠯᠤᠮᠵᠢ ᠶᠢ ᠬᠦᠯᠢᠶᠡᠨ ᠠᠪᠤᠭᠰᠠᠨ ᠮᠠᠲ᠋ᠧᠷᠢᠶᠠᠯ ᠢ ᠨᠤᠲᠠᠯᠠᠨ ᠲᠣᠭᠲᠠᠭᠠᠵᠤ | ᠳᠠᠩᠰᠠᠯᠠᠬᠤ ᠪᠠᠶᠢᠭᠤᠯᠤᠮᠵᠢ ᠶᠢ ᠬᠦᠯᠢᠶᠡᠨ ᠠᠪᠤᠭᠰᠠᠨ ᠤ ᠳᠠᠷᠠᠭ᠎ᠠ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠨ᠎ᠡ᠃ | ᠭᠤᠶᠤᠴᠢᠯᠠᠭᠴᠢ ᠶᠢᠨ ᠭᠤᠶᠤᠴᠢᠯᠠᠭᠰᠠᠨ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠪᠠᠷ ᠲᠣᠭᠲᠠᠭᠠᠭᠰᠠᠨ | ᠬᠡᠯᠪᠡᠷᠢ ᠳᠤ ᠨᠡᠶᠢᠴᠡᠬᠦ ᠦᠭᠡᠢ ᠪᠠᠶᠢᠪᠠᠯ᠂ ᠮᠠᠭᠠᠳᠯᠠᠨ ᠲᠣᠭᠲᠠᠭᠠᠵᠤ ᠳᠠᠩᠰᠠᠯᠠᠬᠤ ᠪᠠᠶᠢᠭᠤᠯᠤᠮᠵᠢ ᠠᠴᠠ | ᠭᠤᠶᠤᠴᠢᠯᠠᠭᠴᠢ ᠳᠤ ᠨᠥᠬᠦᠪᠦᠷᠢᠯᠡᠨ ᠵᠠᠯᠠᠷᠠᠭᠤᠯᠬᠤ ᠴᠢᠬᠤᠯᠠᠲᠠᠢ ᠪᠦᠬᠦ ᠠᠭᠤᠯᠭ᠎ᠠ ᠪᠠ ᠪᠠᠷᠢᠮᠵᠢᠶ᠎ᠠ ᠶᠢ ᠬᠡᠯᠡᠵᠦ | ᠥᠭᠭᠦᠨ᠎ᠡ᠃ 3. ᠨᠤᠲᠠᠯᠠᠨ ᠲᠣᠭᠲᠠᠭᠠᠵᠤ ᠳᠠᠩᠰᠠᠯᠠᠬᠤ ᠪᠠᠶᠢᠭᠤᠯᠤᠮᠵᠢ ᠶᠢᠨ ᠬᠢᠨᠠᠨ ᠬᠠᠷᠭᠤᠭᠤᠯᠤᠭᠰᠠᠨ ᠵᠢᠴᠢ | ᠨᠤᠲᠠᠯᠠᠨ ᠲᠣᠭᠲᠠᠭᠠᠯᠭᠠᠭᠰᠠᠨ ᠭᠤᠶᠤᠴᠢᠯᠠᠭᠴᠢ ᠶᠢᠨ ᠭᠤᠶᠤᠴᠢᠯᠠᠯ ᠤᠨ ᠮᠠᠲᠧᠷᠢᠶᠠᠯ ᠢ ᠪᠦᠷᠢᠨ ᠭᠦᠢᠴᠡᠳ | ᠨᠤᠲᠠᠯᠠᠭᠰᠠᠨ ᠤ ᠳᠠᠷᠠᠭ᠎ᠠ᠂ ᠮᠡᠷᠭᠡᠵᠢᠯ ᠤᠨ ᠭᠡᠷ᠎ᠡ ᠶᠢ ᠳᠠᠩᠰᠠᠯᠠᠬᠤ ᠪᠠᠶᠢᠭᠤᠯᠤᠮᠵᠢ ᠠᠴᠠ ᠲᠤᠬᠠᠢ ᠶᠢᠨ ᠬᠥᠮᠥᠨ ᠤ | ᠲᠤᠰᠢᠶᠠᠭᠰᠠᠨ ᠭᠡᠷ᠎ᠡ ᠶᠢᠨ ᠪᠢᠴᠢᠭ ᠪᠣᠯᠣᠨ ᠬᠠᠮᠢᠶ᠎ᠠ ᠪᠦᠬᠦᠢ ᠮᠠᠲᠧᠷᠢᠶᠠᠯ ᠢ ᠬᠢᠨᠠᠨ ᠪᠠᠶᠢᠴᠠᠭᠠᠬᠤ ᠪᠠ ᠨᠤᠲᠠᠯᠠᠨ | ᠲᠣᠭᠲᠠᠭᠠᠨ᠎ᠠ᠃ ᠲᠡᠭᠦᠨ ᠤ ᠭᠤᠣᠯ ᠵᠦᠢᠯ ᠭᠡᠪᠡᠯ᠄ ᠮᠡᠷᠭᠡᠵᠢᠯ ᠤᠨ ᠭᠡᠷ᠎ᠡ ᠳᠤ ᠬᠠᠷᠢᠶᠠᠯᠠᠭᠳᠠᠬᠤ ᠡᠰᠡᠬᠦ; ᠲᠥᠷᠥᠯ | ᠬᠤᠪᠢᠶᠠᠨ ᠳᠠᠩᠰᠠᠯᠠᠬᠤ᠃ ᠮᠡᠷᠭᠡᠵᠢᠯ ᠤᠨ ᠴᠢᠨᠠᠷᠲᠠᠢ ᠣᠷᠣᠯᠭ᠎ᠠ ᠶᠢ ᠬᠢᠨᠠᠨ ᠲᠣᠭᠲᠠᠭᠠᠨ᠎ᠠ᠃ 4. ᠭᠦᠢᠴᠡᠳᠬᠡᠭᠰᠡᠨ | ᠦᠷ᠎ᠡ ᠳ᠋ᠦᠩ ᠢ ᠨᠤᠲᠠᠯᠠᠨ ᠲᠣᠭᠲᠠᠭᠠᠵᠤ ᠳᠠᠩᠰᠠᠯᠠᠬᠤ ᠪᠠᠶᠢᠭᠤᠯᠤᠮᠵᠢ ᠨᠤᠲᠠᠯᠠᠨ ᠲᠣᠭᠲᠠᠭᠠᠵᠤ ᠳᠠᠩᠰᠠᠯᠠᠬᠤ | ᠪᠠᠷᠢᠮᠵᠢᠶ᠎ᠠ ᠳᠤ ᠨᠡᠶᠢᠴᠡᠭᠰᠡᠨ ᠭᠡᠷ᠎ᠡ ᠶᠢ ᠨᠤᠲᠠᠯᠠᠨ ᠲᠣᠭᠲᠠᠭᠠᠵᠤ᠂ ᠭᠡᠷᠡᠴᠢ ᠭᠠᠷᠭᠠᠨ ᠥᠭᠴᠦ᠂ ᠳᠠᠩᠰᠠ | ᠡᠪᠬᠡᠮᠡᠯ ᠳᠤ ᠣᠷᠣᠭᠤᠯᠬᠤ ᠶᠢ ᠰᠠᠶᠢᠲᠤᠷ ᠬᠢᠨ᠎ᠡ᠃ | ᠬᠠᠮᠢᠶᠠᠷᠤᠭᠴᠢ ᠄ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠥᠳᠡᠭᠡ ᠲᠣᠰᠬᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠰᠠᠯᠠᠭ᠎ᠠ ᠶᠢᠨ ᠳᠠᠷᠤᠭ᠎ᠠ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ | ᠪᠥᠸᠧ᠂ ᠦᠷ᠎ᠡ ᠪᠦᠲᠦᠭᠡᠯ ᠤᠨ ᠬᠠᠮᠢᠶᠠᠷᠤᠯᠲᠠ ᠪᠠ ᠬᠤᠪᠢᠷᠠᠭᠤᠯᠤᠯᠲᠠ ᠶᠢᠨ ᠰᠠᠯᠠᠭ᠎ᠠ ᠶᠢᠨ ᠰᠦᠨ ᠴᠢ ᠰᠠᠯᠠᠭᠠᠨ | ᠳᠠᠷᠤᠭ᠎ᠠ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ | ᠲᠥᠪ ᠤᠨ ᠳᠡᠭᠡᠳᠦ ᠵᠡᠷᠭᠡ ᠶᠢᠨ ᠢᠨᠵᠧᠨᠧᠷ ᠵᠣᠣ ᠱᠠᠨ ᠳ᠋ᠠᠨ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠠᠨᠳᠠ | ᠨᠠᠷ ᠤᠨ ᠠᠩᠬᠠᠷᠤᠯ ᠪᠠ ᠣᠷᠤᠯᠴᠠᠯᠭ᠎ᠠ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ | ᠬᠦᠷᠦᠭᠡᠳ ᠲᠡᠭᠦᠰᠦᠯ᠎ᠡ᠂ ᠲᠠᠯᠠᠷᠬᠠᠵᠤ ᠪᠠᠶᠢᠨ᠎ᠠ᠃ |