ᠰᠢ ᠶᠢᠨ ᠫᠢᠩ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠫᠦᠯᠠᠪᠦ᠋ᠥᠸᠧᠤ᠋ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/4/2
     ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 1 ᠤ ᠴᠠᠭᠢᠯᠭᠠᠨ ᠮᠡᠳᠡᠭᠡ   4 ᠰᠠᠷ᠎ᠠ ᠶᠢᠨ 1 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠫᠦᠯᠠᠪᠦ᠋ᠥᠸᠧᠤ᠋  ᠲᠠᠢ ᠬᠡᠯᠡᠯᠴᠡᠭᠡ ᠬᠢᠪᠡ᠃
C:\Users\bch\Desktop\4.01-4.07\4.02  头条图1.jpg
      4 ᠰᠠᠷ᠎ᠠ ᠶᠢᠨ 1 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ  ᠫᠦᠯᠠᠪᠦ᠋ᠥᠸᠧᠤ᠋ ᠲᠠᠢ ᠬᠡᠯᠡᠯᠴᠡᠭᠡ ᠬᠢᠪᠡ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠶᠣᠣ ᠳ᠋ᠠ ᠸᠧᠢ  ᠰᠡᠭᠦᠳᠡᠷᠯᠡᠪᠡ     ᠰᠢ ᠶᠢᠨ ᠫᠢᠩ ᠫᠦᠯᠠᠪᠦ᠋ᠥᠸᠧᠤ᠋ ᠶᠢᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠬᠦ ᠶᠢᠨ ᠬᠠᠮᠲᠤ ᠲᠡᠭᠦᠨ ᠢᠶᠠᠷ ᠳᠠᠮᠵᠢᠭᠤᠯᠤᠨ ᠶᠡᠷᠦᠩᠬᠡᠶᠢᠯᠡᠭᠴᠢ ᠽᠦᠥᠸ᠋ᠺᠧ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠰᠢ ᠶᠢᠨ ᠫᠢᠩ᠂ ᠥᠩᠭᠡᠷᠡᠭᠰᠡᠨ 10 ᠵᠢᠯ ᠳᠤ ᠪᠢ ᠶᠡᠷᠦᠩᠬᠡᠶᠢᠯᠡᠭᠴᠢ ᠽᠦᠥᠸ᠋ᠺᠧ ᠲᠠᠢ ᠬᠠᠮᠲᠤ ᠪᠠᠷ ᠬᠤᠶᠠᠷ ᠤᠯᠤᠰ ᠤᠨ ᠬᠠᠷᠢᠯᠴᠠᠭ᠎ᠠ ᠶᠢᠨ ᠪᠦᠭᠦ ᠲᠠᠯ᠎ᠠ ᠪᠠᠷ ᠲᠦᠷᠭᠡᠨ ᠬᠥᠭᠵᠢᠬᠦ ᠶᠢ ᠬᠥᠲᠥᠯᠥᠨ ᠳᠠᠭᠠᠭᠤᠯᠵᠤ᠂ ᠬᠦᠨᠳᠦ ᠴᠢᠬᠤᠯᠠ ᠦᠷ᠎ᠡ ᠪᠦᠲᠦᠭᠡᠯ ᠣᠯᠪᠠ᠃ ᠵᠠᠺᠠᠷᠲ᠋ᠠ - ᠪᠠᠨᠳᠦ᠋ᠩ ᠤᠨ ᠲᠦᠷᠭᠡᠨ ᠤ ᠲᠡᠮᠦᠷ ᠵᠠᠮ ᠨᠢ ᠬᠤᠶᠠᠷ ᠤᠯᠤᠰ ᠤᠨ ᠴᠢᠨᠠᠷ ᠰᠠᠶᠢᠲᠠᠢ ᠬᠠᠮᠲᠤᠷᠠᠯᠴᠠᠭᠠᠨ ᠤ ᠰᠢᠨᠵᠢ ᠲᠡᠮᠳᠡᠭ ᠪᠣᠯᠵᠤ᠂ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭ᠎ᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠰᠢᠨ᠎ᠡ ᠱᠠᠲᠤᠨ ᠳᠤ ᠣᠷᠣᠪᠠ᠃ ᠳᠤᠮᠳᠠᠳᠤ ᠤᠯᠤᠰ ᠤᠨ  ᠬᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭ᠎ᠠ ᠳᠤ ᠬᠠᠨᠳᠤᠵᠤ᠂ ᠳᠤᠷᠠᠲᠠᠶ᠎ᠠ ᠢᠨᠳᠤᠨᠧᠰᠢᠶ᠎ᠠ ᠯᠤᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠵᠠᠷ ᠣᠷᠣᠨ ᠪᠣᠯᠣᠨ ᠪᠦᠭᠦ ᠪᠥᠮᠪᠥᠷᠴᠡᠭ ᠤᠨ ᠨᠥᠯᠥᠭᠡᠯᠡᠬᠦ ᠬᠦᠴᠦᠨ ᠲᠠᠢ ᠳᠤᠮᠳᠠᠳᠤ ᠢᠨᠳᠤᠨᠧᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭ᠎ᠠ ᠡᠷᠬᠢᠮ ᠨᠠᠨᠳᠢᠨ ᠠᠮᠵᠢᠯᠲᠠ ᠣᠯᠣᠭᠰᠠᠨ ᠤ ᠵᠠᠩᠭᠢᠯᠠᠭ᠎ᠠ  ᠨᠢ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠶᠢ ᠪᠠᠷᠢᠮᠲᠠᠯᠠᠭᠰᠠᠨ᠂ ᠬᠠᠷᠢᠯᠴᠠᠨ ᠢᠲᠡᠭᠡᠯᠴᠡᠵᠦ ᠬᠠᠷᠢᠯᠴᠠᠨ ᠬᠠᠪᠰᠤᠷᠤᠯᠴᠠᠬᠤ ᠶᠢ ᠪᠠᠷᠢᠮᠲᠠᠯᠠᠭᠰᠠᠨ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠭᠰᠠᠨ᠂ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠭᠰᠠᠨ ᠳᠤ ᠪᠠᠶᠢᠨ᠎ᠠ᠃ ᠳᠤᠮᠳᠠᠳᠤ ᠤᠯᠤᠰ ᠪᠣᠯᠣᠨ ᠢᠨᠳᠤᠨᠧᠰᠢᠶ᠎ᠠ ᠴᠥᠮ ᠬᠥᠭᠵᠢᠵᠦ ᠪᠠᠶᠢᠭ᠎ᠠ ᠲᠣᠮᠣ ᠤᠯᠤᠰ ᠪᠠ ᠰᠢᠨ᠎ᠡ ᠪᠠᠷ ᠬᠥᠭᠵᠢᠭᠰᠡᠨ ᠵᠠᠬ᠎ᠠ ᠳᠡᠯᠭᠡᠭᠦᠷ ᠤᠨ ᠤᠯᠤᠰ ᠤᠨ ᠲᠥᠯᠥᠭᠡᠯᠡᠭᠴᠢ ᠮᠥᠨ ᠃ ᠥᠩᠭᠡᠷᠡᠭᠰᠡᠨ ᠳᠤ ᠬᠤᠶᠠᠷ ᠤᠯᠤᠰ ᠢᠶᠠᠷ ᠢᠶᠠᠨ ᠦᠨᠳᠦᠰᠦᠲᠡᠨ ᠤ ᠲᠤᠰᠠᠭᠠᠷ ᠲᠣᠭᠲᠠᠨᠢᠯ ᠪᠣᠯᠣᠨ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠢ ᠲᠡᠮᠡᠴᠡᠨ ᠣᠯᠬᠤ ᠳᠤᠮᠳᠠ ᠢᠮᠠᠭᠲᠠ ᠬᠠᠷᠢᠯᠴᠠᠨ ᠳᠡᠮᠵᠢᠯᠴᠡᠵᠦ ᠢᠷᠡᠪᠡ᠂ ᠬᠤᠶᠢᠰᠢᠳᠠ ᠪᠠᠰᠠ ᠴᠢᠩ ᠦᠨᠡᠨᠴᠢ ᠪᠠᠷ ᠪᠦᠯᠬᠦᠮᠳᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠡᠪ ᠳᠠᠭᠤᠷᠢᠶᠠᠯ᠂ ᠬᠠᠮᠲᠤ ᠪᠠᠷ ᠬᠥᠭᠵᠢᠬᠦ ᠦᠯᠢᠭᠡᠷ ᠵᠢᠱᠢᠶ᠎ᠡ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠬᠤᠰᠢᠭᠤᠴᠢ ᠪᠣᠯᠪᠠᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠡᠷᠡᠰ ᠵᠠᠮᠨᠠᠵᠤ᠂ ᠲᠤᠰ ᠲᠤᠰ ᠤᠨ ᠢᠶᠠᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠲᠡᠮᠵᠢᠵᠥ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠣᠶᠢᠯᠠᠭᠠᠯᠴᠠᠨ ᠳᠡᠮᠵᠢᠯᠴᠡᠪᠡᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠯᠤᠭ᠎ᠠ ᠨᠢᠭᠲᠠ ᠶᠠᠪᠤᠯᠴᠠᠭ᠎ᠠ ᠪᠠᠨ ᠪᠠᠲᠤᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ︽ᠬᠤᠶᠠᠷ ᠤᠯᠤᠰ ᠤᠨ ᠬᠤᠶᠠᠷ ᠬᠦᠷᠢᠶᠡᠯᠡᠩ︾ ᠪᠣᠯᠣᠨ ︽ᠣᠷᠣᠨ ᠪᠦᠰᠡ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠬᠤᠩᠭᠢᠯ︾ ᠤᠨ ᠲᠦᠷᠦᠯ ᠵᠦᠢᠯ ᠢ ᠭᠦᠨᠵᠡᠭᠡᠢ ᠠᠬᠢᠭᠤᠯᠵᠤ᠂ ᠳᠠᠯᠠᠢ ᠳᠡᠭᠡᠷᠡᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠶᠠᠳᠠᠭᠤ ᠬᠦᠴᠢᠷᠳᠡᠯ ᠢ ᠪᠠᠭᠠᠰᠬᠠᠵᠤ ᠶᠠᠳᠠᠭᠤ ᠠᠴᠠ ᠠᠩᠭᠢᠵᠢᠷᠠᠭᠤᠯᠬᠤ ᠬᠦᠷᠢᠶᠡᠨ ᠳᠤ ᠢᠨᠳᠤᠨᠧᠰᠢᠶ᠎ᠠ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠡᠮᠵᠢᠯᠭᠡ ᠬᠠᠩᠭᠠᠨ᠎ᠠ ᠭᠡᠵᠦ ᠴᠢᠬᠤᠯᠠᠴᠢᠯᠠᠪᠠ᠃     ᠰᠢ ᠶᠢᠨ ᠫᠢᠩ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠰᠢᠷᠦᠭᠦᠰᠴᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠢᠳᠡᠪᠬᠢᠲᠡᠢ ᠦᠢᠯᠡᠳᠦᠯᠭᠡᠵᠢᠭᠦᠯᠵᠦ᠂ ᠪᠦᠯᠬᠦᠮᠳᠡᠯ᠂ ᠨᠥᠬᠦᠷᠯᠡᠯ᠂ ᠬᠠᠮᠲᠤᠷᠠᠯᠴᠠᠭᠠᠨ ᠤ ᠪᠠᠨᠳᠦ᠋ᠩ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯ ᠪᠠ ᠲᠦᠭᠡᠮᠡᠯ ᠭᠦᠷᠲᠡᠭᠡᠮᠵᠢᠳᠦ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠪᠠᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠶᠢᠨ ᠬᠢᠨ ᠲᠠᠢ ᠬᠠᠮᠲᠤ ᠪᠠᠷ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠪᠦᠯᠬᠦᠮᠳᠡᠯ ᠪᠠ ᠭᠤᠣᠯ ᠪᠤᠯᠬᠤ ᠪᠠᠶᠢᠷᠢ ᠰᠠᠭᠤᠷᠢ ᠶᠢ ᠬᠠᠮᠠᠭᠠᠯᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠭᠠᠵᠠᠷ ᠣᠷᠣᠨ ᠤ ᠲᠥᠯᠥᠪᠰᠢᠷᠡᠯ ᠢ ᠬᠠᠮᠠᠭᠠᠯᠠᠵᠤ᠂ ᠳᠤᠮᠳᠠᠳᠤ ᠤᠯᠤᠰ - ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠨᠡᠩ ᠨᠢᠭᠲᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃      ᠫᠦᠯᠠᠪᠦ᠋ᠥᠸᠧᠤ᠋ ᠠᠴᠠ ᠶᠡᠷᠦᠩᠬᠡᠶᠢᠯᠡᠭᠴᠢ ᠽᠦᠥᠸ᠋ᠺᠧ ᠶᠢᠨ ᠲᠡᠷᠢᠭᠦᠯᠡᠭᠴᠢ ᠰᠢ ᠶᠢᠨ ᠫᠢᠩ ᠳᠤ ᠴᠢᠩ ᠰᠡᠳᠬᠢᠯ ᠤᠨ ᠮᠡᠨᠳᠦᠴᠢᠯᠡᠯ ᠬᠦᠷᠭᠡᠵᠦ ᠪᠠᠶᠢᠬᠤ ᠶᠢ ᠳᠠᠮᠵᠢᠭᠤᠯᠪᠠ᠂ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠤ ᠳᠠᠷᠠᠭ᠎ᠠ ᠳᠤᠮᠳᠠᠳᠤ ᠤᠯᠤᠰ ᠢ ᠠᠶᠢᠯᠴᠢᠯᠠᠬᠰᠠᠨ ᠠᠩᠬᠠᠳᠠᠭᠴᠢ ᠤᠯᠤᠰ ᠪᠤᠯᠭᠠᠬᠰᠠᠨ ᠳᠠᠭᠠᠨ ᠮᠠᠰᠢ ᠪᠠᠶᠠᠷᠯᠠᠵᠤ ᠪᠠᠶᠢᠭ᠎ᠠ ᠪᠠᠨ ᠢᠯᠡᠷᠬᠡᠶᠢᠯᠡᠪᠡ᠃ ᠳᠤᠮᠳᠠᠳᠤ ᠤᠯᠤᠰ ᠪᠣᠯ ᠴᠢᠬᠤᠯᠠ ᠨᠥᠯᠥᠭᠡᠯᠡᠬᠦ ᠬᠦᠴᠦᠨ ᠲᠠᠢ ᠲᠣᠮᠣ ᠤᠯᠤᠰ ᠮᠥᠨ᠂ ᠢᠨᠳᠤᠨᠧᠰᠢᠶ᠎ᠠ ᠯᠤᠭ᠎ᠠ ᠢᠮᠠᠭᠲᠠ ᠬᠠᠷᠢᠯᠴᠠᠨ ᠭᠦᠨᠳᠦᠳᠭᠡᠵᠦ᠂ ᠬᠠᠷᠢᠯᠴᠠᠨ ᠡᠷᠬᠡ ᠲᠡᠭᠰᠢ ᠪᠠᠷ ᠬᠠᠨᠳᠤᠭᠰᠠᠭᠠᠷ ᠢᠷᠡᠵᠠᠢ᠃ ᠪᠢ ᠲᠡᠷᠢᠭᠦᠯᠡᠭᠴᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠣᠯᠣᠭᠰᠠᠨ ᠠᠭᠤᠤ ᠶᠡᠭᠡ ᠠᠮᠵᠢᠯᠲᠠ ᠶᠢ ᠲᠤᠶᠢᠯ ᠢᠶᠠᠷ ᠪᠢᠰᠢᠷᠡᠵᠦ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠰᠣᠯᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠳᠤᠮᠳᠠᠳᠤ ᠤᠯᠤᠰ ᠪᠣᠯ ᠢᠨᠳᠤᠨᠧᠰᠢᠶ᠎ᠠ ᠶᠢᠨ ᠬᠦᠴᠦᠷᠬᠡᠭ ᠶᠡᠭᠡ ᠬᠠᠮᠲᠤᠷᠠᠯᠴᠠᠭᠠᠨ ᠤ ᠬᠠᠨᠢᠲᠠᠨ ᠮᠥᠨ᠃ ᠣᠶᠢᠷ᠎ᠠ ᠶᠢᠨ ᠵᠢᠯ ᠠᠴᠠ ᠳᠤᠮᠳᠠᠳᠤ ᠤᠯᠤᠰ ᠤᠨ ᠠᠵᠤ ᠠᠬᠤᠶᠢᠯᠠᠯ ᠢᠨᠳᠤᠨᠧᠰᠢᠶ᠎ᠠ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠢᠨᠳᠤᠨᠧᠰᠢᠶ᠎ᠠ ᠶᠢᠨ ᠤᠯᠤᠰ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ ᠪᠢ ᠢᠨᠳᠤᠨᠧᠰᠢᠶ᠎ᠠ ᠪᠣᠯᠣᠨ ᠳᠤᠮᠳᠠᠳᠤ ᠤᠯᠤᠰ ᠤᠨ ᠨᠡᠩ ᠨᠢᠭᠲᠠ ᠬᠠᠷᠢᠯᠴᠠᠭ᠎ᠠ ᠶᠢ ᠬᠥᠭᠵᠢᠭᠦᠯᠬᠦ ᠶᠢ ᠪᠦᠷᠢᠮᠦᠰᠦᠨ ᠲᠡᠮᠵᠢᠵᠥ᠂ ᠳᠤᠷᠠᠲᠠᠶ᠎ᠠ ᠶᠡᠷᠦᠩᠬᠡᠶᠢᠯᠡᠭᠴᠢ ᠽᠦᠥᠸ᠋ᠺᠧ ᠶᠢᠨ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠲᠦᠷᠦ ᠶᠢᠨ ᠪᠣᠳᠣᠯᠭ᠎ᠠ ᠶᠢ ᠦᠷᠭᠦᠯᠵᠢᠯᠡᠭᠦᠯᠵᠦ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠵᠤ᠂ ᠢᠨᠳᠤᠨᠧᠰᠢᠶ᠎ᠠ ᠶᠢᠨ ᠵᠠᠰᠠᠭ ᠤᠨ ᠣᠷᠳᠣᠨ ᠤ ᠪᠠᠷᠢᠮᠲᠠᠯᠠᠭᠰᠠᠭᠠᠷ ᠢᠷᠡᠭᠰᠡᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠬᠢᠴᠢᠶᠡᠩᠭᠦᠶᠢᠯᠡᠨ ᠵᠢᠷᠤᠮᠯᠠᠵᠤ᠂ ᠳᠤᠮᠳᠠᠳᠤ ᠤᠯᠤᠰ ᠯᠤᠭ᠎ᠠ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠡᠷᠡᠰ ᠲᠡᠮᠵᠢᠵᠥ᠂ ᠬᠤᠶᠠᠷ ᠤᠯᠤᠰ ᠤᠨ ᠬᠠᠷᠢᠯᠴᠠᠭ᠎ᠠ ᠶᠢᠨ ᠨᠡᠩ ᠪᠦᠭᠦ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠶᠠᠷ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠢᠬᠤᠯᠠ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠢᠨᠳᠤᠨᠧᠰᠢᠶ᠎ᠠ ᠶᠢᠨ ᠰᠢᠨ᠎ᠡ ᠵᠠᠰᠠᠭ ᠤᠨ ᠣᠷᠳᠣᠨ ᠳᠤᠷᠠᠲᠠᠶ᠎ᠠ ᠬᠤᠶᠠᠷ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠢᠳᠡᠪᠬᠢᠲᠡᠢ ᠠᠬᠢᠭᠤᠯᠵᠤ᠂ ᠠᠵᠤ ᠠᠬᠤᠢ ᠠᠷᠠᠯᠵᠢᠶ᠎ᠠ᠂ ᠶᠠᠳᠠᠭᠤ ᠠᠴᠠ ᠠᠩᠭᠢᠵᠢᠷᠠᠭᠤᠯᠬᠤ ᠵᠡᠷᠭᠡ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠴᠢᠨᠠᠭᠰᠢᠳᠠ ᠪᠤᠶᠠᠨ ᠦᠢᠯᠡᠳᠦᠨ᠎ᠡ᠃ ᠳᠤᠮᠳᠠᠳᠤ ᠤᠯᠤᠰ ᠳᠡᠯᠡᠬᠡᠢ ᠶᠢᠨ ᠬᠡᠷᠡᠭ ᠶᠠᠪᠤᠳᠠᠯ ᠳᠤᠮᠳᠠ ᠣᠨᠴᠠᠭᠠᠶᠢᠯᠠᠨ ᠫᠠᠯᠧᠰᠲ᠋ᠠᠶᠢᠨ ᠤ ᠠᠰᠠᠭᠤᠳᠠᠯ ᠳᠡᠭᠡᠷ᠎ᠡ ᠢᠮᠠᠭᠲᠠ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠳᠠᠭ ᠢ ᠪᠢ ᠮᠠᠰᠢ ᠮᠠᠭᠲᠠᠨ ᠰᠠᠶᠢᠰᠢᠶᠠᠵᠤ ᠪᠠᠶᠢᠨ᠎ᠠ᠃ ᠢᠨᠳᠤᠨᠧᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ  ᠯᠤᠭ᠎ᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠪᠡ      ᠸᠠᠩ ᠢ ᠬᠡᠯᠡᠯᠴᠡᠭᠡ ᠬᠢᠬᠦ ᠳᠤ ᠣᠷᠣᠯᠴᠠᠪᠠ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号