ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 4 ᠰᠠᠷ᠎ᠠ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠬᠠᠮᠤᠭ ᠤᠨ ᠳᠣᠣᠷ᠎ᠠ ᠠᠮᠢᠳᠣᠷᠠᠯ ᠶᠢᠨ ᠪᠠᠲᠤᠯᠠᠭ᠎ᠠ ᠶᠢᠨ ᠪᠡᠯᠡ ᠮᠥᠩᠭᠦ ᠶᠢ 1649.63 ᠲᠦᠮᠡᠨ ᠲᠥᠭᠦᠷᠢᠭ ᠰᠠᠯᠭᠠᠨ ᠥᠭᠴᠡᠢ
ᠨᠡᠶᠢᠲᠡᠯᠡᠭᠰᠡᠨ ᠴᠠᠭ᠄
2024/4/23
     ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠬᠠᠣᠠᠬᠠᠵᠤ᠂  ᠬᠠᠮᠤᠭ ᠤᠨ ᠳᠣᠣᠷ᠎ᠠ ᠠᠮᠢᠳᠣᠷᠠᠯ ᠶᠢᠨ ᠪᠠᠲᠤᠯᠠᠭ᠎ᠠ ᠶᠢᠨ ᠪᠡᠯᠡ ᠮᠥᠩᠭᠦ ᠶᠢ ᠰᠢᠯᠵᠢᠭᠦᠯᠦᠨ ᠥᠭᠬᠦ ᠳᠤ ᠦᠯᠡᠳᠡᠭᠡᠨ ᠠᠪᠬᠤ᠂ ᠨᠡᠭᠦᠯᠭᠡᠨ ᠬᠡᠷᠡᠭᠯᠡᠬᠦ᠂ ᠲᠤᠯᠭᠠᠨ ᠰᠠᠭᠤᠯᠭᠠᠵᠤ ᠪᠣᠯᠬᠤ ᠦᠭᠡᠢ ᠵᠠᠷᠴᠢᠮ ᠢ ᠪᠠᠷᠢᠮᠲᠠᠯᠠᠨ᠂ ᠬᠠᠮᠤᠭ ᠤᠨ ᠳᠣᠣᠷ᠎ᠠ ᠠᠮᠢᠳᠣᠷᠠᠯ ᠶᠢᠨ ᠪᠠᠲᠤᠯᠠᠭ᠎ᠠ ᠶᠢᠨ ᠪᠡᠯᠡ ᠮᠥᠩᠭᠦ ᠶᠢ ᠰᠢᠯᠵᠢᠭᠦᠯᠦᠨ ᠥᠭᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠰᠠᠯᠭᠠᠨ ᠥᠭᠬᠦ ᠶᠠᠪᠤᠴᠠ ᠳᠤ᠂ ᠠᠵᠢᠯᠲᠠᠳ ᠢ ᠬᠢᠨᠠᠮᠠᠭᠠᠢ ᠬᠠᠷᠢᠭᠤᠴᠠᠵᠤ᠂ ᠴᠠᠭ ᠲᠤᠬᠠᠢ ᠳᠤᠨᠢ ᠰᠠᠯᠭᠠᠨ ᠥᠭᠬᠦ ᠶᠢ ᠱᠠᠭᠠᠷᠳᠠᠵᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ ᠶᠢ ᠰᠠᠯᠭᠠᠨ ᠥᠭᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠡᠯᠡ ᠮᠥᠩᠭᠦ ᠶᠢ ᠰᠠᠯᠭᠠᠨ ᠥᠭᠴᠦ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠰᠠᠯᠭᠠᠨ ᠥᠭᠴᠦ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃     2024 ᠣᠨ ᠤ 4 ᠰᠠᠷ᠎ᠠ ᠳᠤ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠥᠬᠦᠪᠦᠷᠢ ᠮᠥᠩᠭᠦ 1649.63 ᠲᠦᠮᠡᠨ ᠲᠥᠭᠦᠷᠢᠭ ᠰᠢᠯᠵᠢᠭᠦᠯᠦᠨ ᠥᠭᠴᠡᠢ᠃ ᠡᠭᠦᠨ ᠤ ᠳᠣᠲᠣᠷ᠎ᠠ᠂ ᠬᠤᠳᠠ ᠶᠢᠨ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠥᠬᠦᠪᠦᠷᠢ 32.75 ᠲᠦᠮᠡᠨ ᠲᠥᠭᠦᠷᠢᠭ ᠥᠭᠴᠦ᠂ ᠬᠥᠳᠡᠭᠡ ᠲᠣᠰᠬᠤᠨ ᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠥᠬᠦᠪᠦᠷᠢ 1616.88 ᠲᠦᠮᠡᠨ ᠲᠥᠭᠦᠷᠢᠭ ᠥᠭᠴᠦ᠂ ᠣᠷᠣᠯᠭ᠎ᠠ ᠪᠠᠭᠠᠲᠠᠢ ᠬᠥᠮᠥᠰ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠪᠠ᠃  
 
ᠢᠷᠡᠯᠲᠡ᠄ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号