ᠬᠠᠤᠯᠢ ᠴᠠᠭᠠᠵᠠ᠂ ᠵᠠᠰᠠᠭ ᠵᠠᠬᠢᠷᠭ᠎ᠠ ᠵᠡᠷᠭᠡᠪᠡᠷ ᠬᠦᠴᠦᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠶᠡᠭᠡ ᠪᠠᠶᠢᠷᠢᠰᠢᠯ ᠢ ᠬᠠᠮᠲᠤ ᠪᠠᠷ ᠪᠠᠶᠢᠭᠤᠯᠤᠨ᠎ᠠ ︱ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ ᠲᠦᠮᠡᠳ ᠵᠡᠭᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠮᠲᠤᠷᠠᠨ ᠠᠵᠤ ᠠᠬᠤᠶᠢᠯᠠᠯ ᠳᠤ ᠬᠦᠷᠴᠦ ᠬᠠᠤᠯᠢ ᠶᠢ ᠬᠦᠷᠭᠡᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/24
C:\Users\bch\Desktop\4.24  今日土左 司法、行政齐发力、共建知识产权保图 (1).png
     ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠵᠡᠯ ᠤᠬᠠᠮᠰᠠᠷ ᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠪᠠᠶᠢᠴᠠᠭᠠᠬᠤ ᠪᠠᠶᠢᠭᠤᠯᠭ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ  ᠡᠷᠬᠡ  ᠶᠢ ᠬᠠᠮᠠᠭᠠᠯᠠᠬᠤ ᠬᠠᠮᠲᠤᠷᠠᠯᠴᠠᠭᠠᠨ ᠳᠤ᠂ ᠥᠴᠥᠭᠡᠳᠦᠷ ᠳᠤ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 24 ᠳ᠋ᠦᠭᠡᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠥᠪᠥᠷ ᠮᠣᠩᠭᠤᠯ ᠤᠨ ᠳ᠋ᠠ ᠶᠣᠣ ᠶᠢᠨ ᠤᠮᠳᠠᠭᠠᠨ ᠤ ᠵᠦᠢᠯ ᠳᠤ ᠬᠦᠷᠴᠦ᠂ ᠬᠠᠷᠢᠶᠠᠲᠤ ᠣᠷᠣᠨ ᠤ ᠠᠵᠤ ᠠᠬᠤᠶᠢᠯᠠᠯ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠬᠡᠷᠡᠭᠴᠡᠭᠡ ᠱᠠᠭᠠᠷᠳᠠᠯᠭ᠎ᠠ ᠶᠢᠨ ᠲᠤᠬᠠᠢ ᠶᠠᠷᠢᠯᠴᠠᠨ ᠰᠤᠳᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠵᠡᠢ᠃
C:\Users\bch\Desktop\4.24  今日土左 司法、行政齐发力、共建知识产权保图 (2).jpg
     ᠶᠠᠷᠢᠯᠴᠠᠬᠤ ᠬᠤᠷᠠᠯ ᠤᠨ ᠲᠤᠬᠠᠢ ᠶᠢᠨ ᠲᠠᠯᠠᠪᠠᠢ ᠳᠤ᠂ ᠳ᠋ᠠ ᠶᠣᠣ ᠶᠢᠨ ᠤᠮᠳᠠᠭᠠᠨ ᠤ ᠵᠦᠢᠯ ᠤᠨ ᠪᠢᠯᠵᠤᠤᠬᠠᠢ ᠦᠢᠯᠡᠳᠪᠦᠷᠢᠯᠡᠯ ᠤᠨ ᠲᠥᠪ ᠤᠨ ᠱᠢ ᠹᠡᠸ᠋ᠩ ᠦᠢᠯᠡᠳᠪᠦᠷᠢ ᠶᠢᠨ ᠳᠠᠷᠤᠭ᠎ᠠ ᠬᠠᠯᠠᠭᠤᠨ ᠰᠡᠳᠬᠢᠯᠭᠡ ᠪᠠᠷ ᠪᠠᠶᠠᠷ ᠤᠨ ᠦᠭᠡ ᠬᠡᠯᠡᠪᠡ᠃  ᠬᠠᠤᠯᠢ  ᠶᠢᠨ ᠶᠠᠪᠤᠳᠠᠯ ᠤᠨ ᠶᠠᠮᠤᠨ ᠤ ᠳᠠᠭᠠᠭᠠᠮᠠᠯ ᠯᠢᠶᠠᠩ ᠢ ᠠᠵᠤ ᠠᠬᠤᠶᠢᠯᠠᠯ ᠤᠨ ᠥᠰᠴᠦ ᠪᠣᠶᠢᠵᠢᠭᠰᠠᠨ ᠥᠩᠭᠡᠷᠡᠯᠲᠡ  ᠶᠢ ᠲᠠᠨᠢᠯᠴᠠᠭᠤᠯᠤᠭᠰᠠᠨ ᠪᠥᠭᠡᠳ ᠳᠦᠷᠰᠦ ᠰᠢᠩᠭᠡᠭᠡᠯᠲᠡ  ᠶᠢᠨ ᠮᠠᠲ᠋ᠧᠷᠢᠶᠠᠯ  ᠢ ᠲᠥᠪᠯᠡᠷᠡᠭᠦᠯᠦᠨ ᠦᠵᠡᠵᠦ᠂ ᠠᠵᠤ ᠠᠬᠤᠶᠢᠯᠠᠯ ᠤᠨ ᠣᠷᠴᠢᠮ ᠤᠨ ᠬᠡᠳᠦᠨ ᠵᠢᠯ ᠳᠤ ᠮᠡᠳᠡᠯᠭᠡ  ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠯ᠎ᠠ ᠪᠠᠷ ᠬᠢᠭᠰᠡᠨ ᠶᠡᠭᠡ ᠬᠡᠮᠵᠢᠶᠡᠨ ᠤ ᠠᠮᠵᠢᠯᠲᠠ  ᠲᠠᠢ ᠠᠵᠢᠯ  ᠢ ᠬᠠᠷᠢᠭᠤ ᠮᠡᠳᠡᠭᠦᠯᠵᠡᠢ᠃ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠶᠦᠨ ᠵᠢᠶᠠᠨ ᠴᠢᠶᠠᠩ ᠲᠣᠰ ᠤᠳᠠᠭᠠᠨ ᠤ ᠠᠵᠤ ᠠᠬᠤᠶᠢᠯᠠᠯ ᠳᠤ ᠦᠢᠯᠡᠴᠢᠯᠡᠬᠦ ᠶᠢᠨ ᠵᠣᠷᠢᠯᠭ᠎ᠠ ᠶᠢ ᠲᠠᠨᠢᠯᠴᠠᠭᠤᠯᠬᠤ ᠶᠢᠨ ᠬᠠᠮᠲᠤ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠯ᠎ᠠ ᠪᠠᠷ ᠬᠢ ᠠᠵᠢᠯᠲᠠᠨ ᠤ ᠲᠣᠬᠢᠷᠠᠭᠤᠯᠤᠯᠲᠠ᠂ ᠬᠠᠮᠢᠶᠠᠷᠤᠯᠲᠠ ᠵᠡᠷᠭᠡ ᠠᠵᠢᠯ ᠢ ᠨᠤᠲᠠᠯᠠᠪᠠ᠃
C:\Users\bch\Desktop\4.24  今日土左 司法、行政齐发力、共建知识产权保图 (3).png
     ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠢᠯᠠᠩᠭᠤᠶ᠎ᠠ ᠲᠠᠸᠠᠷ ᠤᠨ ᠲᠡᠮᠳᠡᠭᠲᠦ ᠶᠢᠨ ᠡᠷᠬᠡ ᠳᠤ ᠬᠠᠯᠳᠠᠬᠤ ᠶᠠᠪᠤᠴᠠ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠬᠡᠷᠡᠭᠴᠡᠭᠡ ᠶᠢ ᠭᠦᠨᠵᠡᠭᠡᠢ ᠣᠶᠢᠯᠠᠭᠠᠵᠤ᠂ ᠠᠵᠤ ᠠᠬᠤᠶᠢᠯᠠᠯ ᠤᠨ ᠲᠠᠸᠠᠷ ᠤᠨ ᠲᠡᠮᠳᠡᠭᠲᠦ ᠶᠢ ᠳᠠᠩᠰᠠᠯᠠᠭᠤᠯᠬᠤ ᠪᠠ ᠬᠠᠮᠠᠭᠠᠯᠠᠬᠤ᠂ ᠡᠷᠬᠡ ᠳᠤ ᠬᠠᠯᠳᠠᠬᠤ ᠪᠠ ᠬᠠᠭᠤᠷᠮᠠᠭᠯᠠᠨ ᠦᠢᠯᠡᠳᠬᠦ ᠪᠠ ᠵᠠᠬ᠎ᠠ ᠳᠡᠯᠭᠡᠭᠦᠷ ᠢ ᠬᠤᠳᠬᠤᠯᠳᠤᠭᠤᠯᠬᠤ ᠶᠢ ᠰᠡᠷᠭᠡᠶᠢᠯᠡᠬᠦ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠳᠤ ᠭᠤᠣᠯᠳᠠᠯᠭ᠎ᠠ ᠲᠠᠢ ᠪᠠᠷ ᠰᠠᠨᠠᠯ ᠢᠶᠠᠨ ᠰᠣᠯᠢᠯᠴᠠᠪᠠ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠲᠤᠬᠠᠢ ᠶᠢᠨ ᠲᠠᠯᠠᠪᠤᠷ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠸᠠᠷ ᠤᠨ ᠲᠡᠮᠳᠡᠭᠲᠦ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠢ ᠠᠰᠢᠭ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ᠃ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯᠲᠠᠨ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠪᠠᠶᠢᠴᠠᠭᠠᠬᠤ ᠪᠠᠶᠢᠭᠤᠯᠭ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠳᠤᠮᠳᠠᠬᠢ ᠡᠭᠦᠷᠭᠡ ᠴᠢᠳᠠᠪᠬᠢ ᠶᠢᠨ ᠦᠢᠯᠡᠳᠦᠯ ᠢ ᠪᠦᠬᠦ ᠲᠠᠯ᠎ᠠ  ᠪᠠᠷ ᠲᠠᠨᠢᠯᠴᠠᠭᠤᠯᠵᠤ᠂ ᠡᠭᠦᠨ ᠤ ᠬᠠᠮᠲᠤ ᠨᠡᠶᠢᠲᠡᠯᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠳᠤ ᠬᠠᠯᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠠᠵᠤ ᠠᠬᠤᠶᠢᠯᠠᠯ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠠᠤᠯᠢ ᠶᠣᠰᠣᠭᠠᠷ ᠡᠵᠡᠩᠨᠡᠵᠦ᠂ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠢ ᠪᠠᠨ ᠬᠠᠮᠠᠭᠠᠯᠠᠬᠤ ᠶᠢ ᠰᠤᠷᠴᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠬᠦ᠂ ᠬᠡᠷᠡᠭᠯᠡᠬᠦ ᠪᠠ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠮᠡᠳᠡᠭᠳᠡᠵᠡᠢ᠃     ᠲᠠᠷᠠᠭᠠᠴᠢ ᠶᠢᠨ ᠠᠯᠬᠤᠮ ᠳᠤ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠦᠷᠭᠦᠯᠵᠢᠯᠡᠨ ᠬᠦᠴᠦᠯᠡᠵᠦ᠂ ᠠᠵᠤ ᠠᠬᠤᠶᠢᠯᠠᠯ ᠳᠤ ᠪᠠᠶᠢᠩᠭᠤ ᠶᠢᠨ ᠴᠢᠨᠠᠷᠲᠠᠢ ᠵᠠᠰᠠᠭ ᠵᠠᠬᠢᠷᠭ᠎ᠠ᠂ ᠬᠠᠤᠯᠢ ᠴᠠᠭᠠᠵᠠ ᠶᠢᠨ ᠦᠢᠯᠡᠴᠢᠯᠡᠭᠡ ᠪᠠ ᠪᠠᠲᠤᠯᠠᠭ᠎ᠠ ᠶᠢ ᠦᠷᠭᠦᠯᠵᠢᠯᠡᠨ ᠬᠠᠩᠭᠠᠵᠤ᠂ ᠮᠠᠨ ᠤ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号