ᠲᠦᠮᠡᠳ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠠᠭᠤᠷᠠᠢ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠵᠦ  ᠨᠠᠷᠢᠯᠢᠭ ᠢᠶᠠᠷ ᠬᠠᠤᠯᠢ ᠴᠠᠭᠠᠵᠠ ᠶᠢᠨ ᠬᠠᠪᠰᠤᠷᠤᠯᠲᠠ ᠬᠠᠩᠭᠠᠨ᠎ᠠ
ᠨᠡᠶᠢᠲᠡᠯᠡᠭᠰᠡᠨ ᠴᠠᠭ᠄
2024/4/24
     ᠵᠡᠮᠳᠡᠭᠴᠦᠳ ᠪᠣᠯ ᠨᠢᠭᠡᠨ ᠣᠨᠴᠠᠭᠠᠶ ᠪᠥᠭᠡᠳ ᠬᠦᠴᠢᠷᠳᠡᠯ ᠲᠠᠢ ᠪᠠᠭᠤᠷᠠᠢ ᠬᠠᠮᠲᠤᠯᠢᠭ ᠮᠥᠨ᠃ ᠲᠡᠳᠡᠨ ᠤ ᠬᠠᠤᠯᠢ ᠶᠣᠰᠣᠨ ᠤ ᠡᠷᠬᠡ ᠠᠰᠢᠭ ᠨᠢ ᠶᠡᠷᠦ ᠨᠢ ᠪᠦᠲᠦᠮᠵᠢᠲᠡᠶ ᠬᠠᠮᠠᠭᠠᠯᠠᠭᠳᠠᠬᠤ ᠦᠭᠡᠢ ᠪᠠᠶᠢᠳᠠᠭ᠂ ᠢᠯᠠᠩᠭᠤᠶ᠎ᠠ ᠬᠥᠳᠡᠯᠮᠦᠷᠢ ᠠᠵᠢᠯ ᠣᠯᠭᠤᠯᠲᠠ ᠶᠢᠨ ᠳᠤᠮᠳᠠ ᠡᠷᠬᠡ ᠠᠰᠢᠭ ᠤᠨ ᠬᠠᠯᠳᠠᠯᠭ᠎ᠠ ᠳᠤ ᠤᠴᠠᠷᠠᠬᠤ ᠬᠡᠷᠡᠭ ᠨᠡᠩ ᠴᠤ ᠪᠠᠶᠢᠨ ᠪᠠᠶᠢᠨ ᠭᠠᠷᠴᠤ ᠪᠠᠶᠢᠳᠠᠭ᠂ ᠡᠶᠢᠮᠦ ᠠᠴᠠ ᠲᠡᠳᠡᠨ ᠳᠤ ᠵᠣᠬᠢᠴᠠᠩᠭᠤᠢ ᠬᠠᠤᠯᠢ ᠴᠠᠭᠠᠵᠠ ᠶᠢᠨ ᠦᠢᠯᠡᠴᠢᠯᠡᠭᠡ ᠨᠡᠩ ᠴᠢᠬᠤᠯᠠᠲᠠᠢ ᠪᠠᠶᠢᠳᠠᠭ᠃ 2024 ᠣᠨ ᠤ 4 ᠰᠠᠷ᠎ᠠ ᠶᠢᠨ 22 ᠤᠨ ᠡᠳᠦᠷ᠂ ᠴᠢᠶᠣᠤ ᠣᠪᠣᠭᠲᠤ ᠵᠡᠮᠳᠡᠭ ᠬᠥᠮᠥᠨ ᠲᠦᠮᠡᠳ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠲᠤ ᠬᠦᠷᠴᠦ ᠬᠠᠤᠯᠢ ᠴᠠᠭᠠᠵᠠ ᠶᠢᠨ ᠬᠠᠪᠰᠤᠷᠤᠯᠭ᠎ᠠ ᠭᠤᠶᠤᠪᠠ᠃     ᠣᠶᠢᠯᠠᠭᠠᠭᠰᠠᠨ ᠢᠶᠠᠷ᠂ ᠲᠡᠷᠡ 2022 ᠣᠨ ᠤ 8 ᠰᠠᠷ᠎ᠠ ᠠᠴᠠ ᠡᠬᠢᠯᠡᠨ ᠯᠦ ᠣᠪᠣᠭᠲᠤ ᠳᠤ ᠬᠥᠯᠥᠰᠦᠯᠡᠭᠳᠡᠵᠦ᠂ ᠪᠠᠷᠢᠯᠭ᠎ᠠ ᠶᠢᠨ ᠡᠲᠡᠭᠡᠳ ᠲᠠᠶᠢᠭ᠎ᠠ ᠮᠤᠳᠤ ᠪᠠᠯᠭᠠᠰᠤᠨ ᠤ ᠭᠤᠷᠪᠠᠨ ᠭᠡᠷ ᠤᠨ ᠡᠮᠦᠨᠡᠬᠢ ᠰᠢᠶᠣᠣ ᠳ᠋ᠦᠩ ᠶᠢᠩ ᠲᠣᠰᠬᠤᠨ ᠤ ᠭᠠᠷᠠᠮ ᠤᠨ ᠬᠤᠶᠠᠷ ᠥᠷᠲᠡᠭᠡᠨ ᠳᠤ ᠠᠵᠢᠯᠯᠠᠵᠤ ᠡᠬᠢᠯᠡᠵᠡᠢ᠃ ᠲᠡᠭᠦᠨ ᠢ ᠬᠥᠯᠥᠰᠦᠯᠡᠭᠰᠡᠨ ᠵᠧᠵᠢᠶᠠᠩ ᠬᠥᠮᠥᠨ ᠯᠦ ᠣᠪᠣᠭᠲᠤ ᠥᠷᠢ ᠶᠢᠨ ᠬᠠᠭᠤᠳᠠᠰᠤ ᠪᠠᠨ ᠪᠢᠴᠢᠭᠰᠡᠨ ᠤ ᠪᠠᠨ ᠳᠠᠷᠠᠭ᠎ᠠ ᠳᠠᠷᠤᠢ ᠴᠢᠮᠡᠭᠡ ᠰᠤᠷᠠᠭ ᠦᠭᠡᠢ ᠪᠣᠯᠵᠤ᠂ ᠪᠠᠷᠢᠯᠭ᠎ᠠ ᠶᠢᠨ ᠡᠲᠡᠭᠡᠳ ᠢ ᠡᠷᠢᠵᠦ ᠴᠠᠯᠢᠩ ᠠᠪᠬᠤ ᠭᠡᠰᠡᠨ ᠳᠤ ᠬᠠᠷᠢᠨ ᠲᠦᠯᠬᠢᠯᠴᠡᠵᠦ ᠠᠮᠠ ᠪᠥᠭᠯᠡᠵᠡᠢ᠃ ᠡᠭᠦᠨ ᠠᠴᠠ ᠰᠡᠭᠦᠯᠡᠷ ᠲᠤᠬᠠᠢ ᠶᠢᠨ ᠬᠥᠮᠥᠨ ᠨᠢ ᠴᠠᠯᠢᠩ ᠨᠡᠬᠡᠬᠦ ᠤᠷᠲᠤ ᠤᠳᠠᠭᠠᠨ ᠠᠶᠠᠨ ᠳᠠᠭᠠᠨ ᠮᠣᠷᠳᠠᠭᠰᠠᠨ ᠪᠠᠶᠢᠨ᠎ᠠ᠃ ᠲᠡᠷᠡ ᠶᠠᠭ ᠶᠠᠭᠠᠬᠢᠬᠤ ᠶᠢᠨ ᠠᠷᠭ᠎ᠠ ᠦᠭᠡᠢ ᠪᠣᠯᠤᠭᠰᠠᠨ ᠦᠶ᠎ᠡ ᠳᠤ᠂ ᠲᠦᠮᠡᠳ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠬᠠᠮᠢᠶ᠎ᠠ ᠪᠦᠬᠦᠢ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠵᠤ᠂ ᠲᠥᠪ ᠤᠨ︽ᠬᠠᠤᠯᠢ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ︾ᠵᠣᠷᠢᠯᠲᠠ ᠶᠢ ᠦᠢᠯᠡᠳᠦᠯᠭᠡᠵᠢᠭᠦᠯᠵᠦ ᠪᠠᠶᠢᠬᠤ ᠶᠢ ᠣᠶᠢᠯᠠᠭᠠᠭᠰᠠᠨ ᠤ ᠤᠯᠠᠮ ᠠᠴᠠ᠂ ᠭᠡᠷ ᠲᠤᠨᠢ ᠬᠦᠷᠴᠦ ᠲᠤᠰᠠᠯᠠᠮᠵᠢ ᠭᠤᠶᠤᠵᠠᠢ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠠᠵᠢᠯᠲᠠᠨ ᠲᠤᠰ ᠪᠡᠶ᠎ᠡ ᠶᠢᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ᠮᠡᠳᠡᠯᠭᠡ ᠪᠠᠨ ᠠᠰᠢᠭᠯᠠᠨ᠂ ᠲᠦᠬᠦᠮ ᠣᠶᠢᠯᠠᠭᠠᠮᠵᠢᠲᠠᠢ ᠦᠭᠡ ᠬᠡᠯᠡ ᠪᠠᠷ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠬᠦᠯᠢᠴᠡᠩᠭᠦᠢ ᠪᠠᠷ ᠨᠠᠷᠢᠨ ᠨᠢᠮᠪᠠᠢ ᠮᠡᠳᠡᠭᠳᠡᠬᠦ ᠶᠢᠨ ᠬᠠᠮᠲᠤ ᠬᠤᠯᠪᠣᠭᠳᠠᠯ ᠪᠦᠬᠦᠢ ᠬᠡᠷᠡᠭ ᠤᠨ ᠮᠠᠲ᠋ᠧᠷᠢᠶᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠲᠡᠭᠦᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠨ ᠤ ᠵᠦᠢ ᠵᠣᠬᠢᠰᠲᠠᠢ ᠠᠷᠭ᠎ᠠ ᠵᠠᠮ ᠢᠶᠠᠷ ᠡᠷᠬᠡ ᠠᠰᠢᠭ ᠢᠶᠠᠨ ᠵᠣᠷᠢᠭᠤᠯᠵᠤ᠂ ᠲᠤᠬᠠᠢ ᠶᠢᠨ ᠬᠥᠮᠥᠨ ᠤ ᠤᠷᠮ᠎ᠠ ᠰᠡᠳᠬᠢᠯᠭᠡ ᠶᠢᠨ ᠰᠢᠷᠦᠭᠦᠰᠬᠦ ᠠᠴᠠ ᠵᠠᠶᠢᠯᠠᠭᠤᠯᠤᠭᠰᠠᠨ ᠪᠠᠶᠢᠨ᠎ᠠ᠃ ᠳᠠᠷᠠᠭ᠎ᠠ ᠨᠢ ᠲᠥᠪ ᠠᠴᠠ ᠲᠡᠭᠦᠨ ᠳᠤ ᠳᠠᠷᠤᠶᠢᠬᠠᠨ ︽ᠰᠠᠭᠠᠳ ᠦᠭᠡᠢ ᠨᠡᠪᠲᠡᠷᠡᠬᠦ ᠵᠠᠮ︾ ᠨᠡᠭᠡᠭᠡᠵᠦ᠂ ︽ᠭᠠᠷ ᠭᠦᠢᠴᠡᠳᠬᠡᠯ ᠢ ᠳᠥᠭᠦᠮᠴᠢᠯᠡᠬᠦ᠂ ᠤᠷᠢᠳᠠᠪᠠᠷ ᠭᠥᠯᠢᠶᠡᠨ ᠠᠪᠬᠤ᠂ ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠬᠦ᠂ ᠤᠷᠢᠳᠠᠪᠠᠷ ᠲᠣᠬᠢᠷᠠᠭᠤᠯᠬᠤ︾ ᠶᠢ ᠬᠡᠷᠡᠭᠵᠢᠭᠦᠯᠵᠦ᠂ ᠨᠢᠭᠡ ᠯᠡ ᠥᠷᠲᠡᠭᠡᠨ ᠤ ᠮᠠᠶ᠋ᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠬᠠᠩᠭᠠᠵᠤ᠂ ᠵᠡᠮᠳᠡᠭᠴᠦᠳ ᠤᠨ ᠡᠷᠬᠡ ᠪᠠᠨ ᠬᠠᠮᠠᠭᠠᠯᠠᠬᠤ ᠬᠤᠷᠳᠤᠴᠠ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃     ᠲᠦᠮᠡᠳ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠨᠢ ᠵᠡᠮᠳᠡᠭᠴᠦᠳ ᠤᠨ ᠬᠤᠯᠪᠣᠭᠠᠲᠤ ᠬᠤᠷᠠᠯ᠂ ᠬᠤᠷᠢᠭᠤᠯ ᠤᠨ ᠭᠠᠵᠠᠷ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠲᠦᠮᠡᠳ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠵᠡᠷᠭᠡ 9 ᠪᠦᠯᠬᠦᠮ ᠤᠨ ᠵᠣᠬᠢᠶᠠᠨ ᠪᠠᠶᠢᠭᠤᠯᠤᠯᠲᠠ ᠳᠤ ᠪᠦᠷ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠪᠠᠶᠢᠭᠤᠯᠵᠠᠢ᠃ ᠡᠭᠦᠨ ᠤ ᠬᠠᠮᠲᠤ ᠣᠶᠢᠷ᠎ᠠ ᠬᠠᠪᠢ ᠳᠠᠭᠠᠨ ᠥᠷᠭᠡᠨ ᠣᠯᠠᠨ ᠲᠦᠮᠡᠨ ᠳᠤ ᠴᠠᠭ ᠲᠤᠬᠠᠢ ᠳᠤᠨᠢ ᠳᠥᠭᠦᠮ ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠡᠯ᠎ᠡ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠲᠤ ᠲᠦᠰᠢᠭᠯᠡᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠪᠠᠶᠢᠭᠤᠯᠵᠤ᠂ ᠬᠥᠳᠡᠭᠡ ᠲᠣᠰᠬᠤᠨ ᠳᠤ ᠭᠦᠨᠵᠡᠭᠡᠶᠢᠷᠡᠭᠦᠯᠦᠨ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢᠨ ᠲᠣᠭᠲᠠᠭᠠᠯ ᠶᠣᠰᠣᠭᠠᠷ ᠬᠤᠰᠢᠭᠤ ᠂ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠳᠥᠭᠦᠮ ᠳᠥᠲᠡ ᠦᠢᠯᠡᠴᠢᠯᠡᠭᠡ ᠶᠢ ᠣᠶᠢᠷ᠎ᠠ ᠬᠠᠪᠢ ᠳᠤᠨᠢ ᠶᠠᠪᠤᠭᠤᠯᠬᠤ ᠶᠢ ᠪᠡᠶᠡᠯᠡᠭᠦᠯᠦᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠶᠢ ᠣᠯᠠᠨ ᠲᠦᠮᠡᠨ ᠤ ᠳᠡᠷᠭᠡᠳᠡ ᠬᠦᠷᠲᠡᠯ᠎ᠡ ᠥᠷᠭᠡᠳᠬᠡᠵᠦ᠂ ᠥᠷᠭᠡᠨ ᠣᠯᠠᠨ ᠲᠦᠮᠡᠨ ᠵᠢᠴᠢ ᠪᠠᠭᠤᠷᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠤᠯᠠᠮ ᠨᠢᠭᠡ ᠠᠯᠬᠤᠮ ᠴᠠᠭ ᠲᠤᠬᠠᠢ ᠳᠤᠨᠢ ᠬᠠᠮᠠᠭᠠᠯᠠᠨ᠎ᠠ᠃     ᠲᠦᠮᠡᠳ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠥᠷᠭᠡᠨ ᠢᠶᠠᠷ ᠥᠷᠨᠢᠭᠦᠯᠵᠦ᠂ ᠲᠤᠰᠠᠯᠠᠪᠠᠰᠤ ᠵᠣᠬᠢᠬᠤ ᠶᠢ ᠨᠢ ᠴᠥᠮ ᠲᠤᠰᠠᠯᠠᠬᠤ᠂ ᠲᠤᠰᠠᠯᠠᠪᠠᠰᠤ ᠵᠣᠬᠢᠬᠤ ᠶᠢ ᠨᠢ ᠬᠠᠷᠠᠭᠠᠯᠵᠠᠨ ᠲᠤᠰᠠᠯᠠᠬᠤ ᠶᠢ ᠪᠡᠶᠡᠯᠡᠭᠦᠯᠵᠦ᠂ ︽ᠬᠠᠤᠯᠢ ᠪᠠᠷ ᠳᠡᠮᠵᠢᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠨᠡ ᠵᠢᠯ ᠤᠨ 4 ᠰᠠᠷ᠎ᠠ ᠶᠢᠨ ᠳᠤᠮᠳᠠᠴᠢ ᠪᠣᠯᠲᠠᠯ᠎ᠠ᠂ ᠠᠵᠢᠯᠲᠠᠳ ᠲᠤᠬᠠᠢ ᠶᠢᠨ ᠲᠠᠯᠠᠪᠠᠶ ᠪᠠ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠯᠠᠭᠤᠨ ᠤᠲᠠᠰᠤ ᠪᠠᠷ 187 ᠬᠥᠮᠥᠨ ᠤᠳᠠᠭ᠎ᠠ ᠬᠠᠤᠯᠢ ᠴᠠᠭᠠᠵᠠ ᠶᠢᠨ ᠯᠠᠪᠯᠠᠭ᠎ᠠ ᠬᠠᠩᠭᠠᠵᠤ᠂ ᠥᠷᠭᠡᠨ ᠣᠯᠠᠨ ᠲᠦᠮᠡᠨ ᠳᠤ ᠣᠷᠤᠭ ᠭᠡᠷ ᠤᠨ ᠶᠠᠪᠤᠳᠠᠯ ᠤᠨ ᠵᠢᠭᠤᠷᠠᠯᠳᠤᠭᠠᠨ᠂ ᠵᠠᠮ ᠬᠠᠷᠢᠯᠴᠠᠭᠠᠨ ᠤ ᠠᠳᠡᠯ ᠤᠨ ᠵᠢᠭᠤᠷᠠᠯᠳᠤᠭᠠᠨ ᠵᠡᠷᠭᠡ ᠣᠯᠠᠨ ᠬᠦᠷᠢᠶ᠎ᠡ ᠴᠠᠷᠠᠭ᠎ᠠ ᠶᠢᠨ ᠬᠠᠷᠢᠭᠤᠯᠲᠠ ᠶᠢ ᠴᠠᠭ ᠲᠤᠬᠠᠢ ᠳᠤᠨᠢ ᠲᠦᠷᠭᠡᠨ ᠬᠠᠩᠭᠠᠬᠤ ᠶᠢᠨ ᠬᠠᠮᠲᠤ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢᠨ ᠲᠤᠰᠠᠯᠠᠮᠵᠢ ᠭᠥᠷᠳᠡᠬᠦ ᠨᠥᠬᠦᠴᠡᠯ ᠳᠤ ᠨᠡᠶᠢᠴᠡᠬᠦ ᠡᠲᠡᠭᠡᠳ ᠲᠤ ᠠᠰᠠᠭᠤᠯᠲᠠ ᠬᠠᠷᠢᠭᠤᠯᠬᠤ ᠪᠠ ᠲᠠᠰ ᠳᠠᠷᠠᠭᠠᠯᠠᠯ ᠢᠶᠠᠷ ᠬᠥᠲᠥᠯᠥᠨ ᠵᠢᠯᠣᠭᠤᠳᠪᠠ᠃ ᠠᠵᠢᠯ ᠤᠨ ᠳᠤᠮᠳᠠ ᠪᠠᠨ ᠵᠡᠮᠳᠡᠭᠴᠦᠳ᠂ ᠬᠥᠯᠥᠰᠦᠨ ᠠᠵᠢᠯᠴᠢᠨ᠂ ᠡᠮᠡᠭᠲᠡᠶᠢᠴᠦᠳ ᠬᠡᠦᠬᠡᠳ ᠵᠡᠷᠭᠡ ᠪᠠᠭᠤᠷᠠᠶᠢᠴᠤᠤᠯ ᠢ ᠬᠠᠤᠯᠢ ᠴᠠᠭᠠᠵᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠡᠶᠢᠮᠦᠷᠬᠦ ᠲᠤᠰᠠᠯᠠᠮᠵᠢ ᠶᠢᠨ ᠬᠡᠷᠡᠭ ᠢ ᠲᠤᠬᠠᠢ ᠶᠢᠨ ᠡᠳᠦᠷ ᠲᠤᠨᠢ ᠬᠦᠯᠢᠶᠡᠨ ᠠᠪᠴᠤ ᠰᠢᠢᠳᠪᠦᠷᠢᠯᠡᠬᠦ᠂ ᠲᠤᠬᠠᠢ ᠶᠢᠨ ᠡᠳᠦᠷ ᠲᠤᠨᠢ ᠬᠢᠨᠠᠨ ᠵᠥᠪᠰᠢᠶᠡᠷᠡᠬᠦ ᠶᠢ ᠴᠢᠷᠮᠠᠶᠢᠨ ᠭᠦᠢᠴᠡᠳᠬᠡᠵᠦ᠂ ᠭᠠᠷ ᠭᠦᠢᠴᠡᠳᠬᠡᠯ ᠢ ᠳᠥᠭᠦᠮᠴᠢᠯᠡᠵᠦ᠂ ᠣᠨᠴᠠᠭᠠᠢ ᠶᠠᠪᠤᠳᠠᠯ ᠢ ᠣᠨᠴᠠᠭᠠᠢ ᠰᠢᠢᠳᠪᠦᠷᠢᠯᠡᠬᠦ ᠶᠢ ᠬᠡᠷᠡᠭᠵᠢᠭᠦᠯᠦᠨ᠎ᠡ᠃ ᠡᠨᠡ ᠵᠢᠯ ᠤᠨ 4 ᠰᠠᠷ᠎ᠠ ᠶᠢᠨ ᠰᠢᠨᠡᠳ ᠪᠣᠯᠲᠠᠯ᠎ᠠ᠂ ᠲᠦᠮᠡᠳ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠨᠡᠶᠢᠲᠡ 48 ᠲᠤᠰᠠᠯᠠᠮᠵᠢ ᠶᠢᠨ ᠬᠡᠷᠡᠭ ᠢ ᠭᠥᠯᠢᠶᠡᠨ ᠠᠪᠴᠤ ᠰᠢᠢᠳᠪᠦᠷᠢᠯᠡᠭᠰᠡᠨ ᠪᠥᠭᠡᠳ ᠡᠭᠦᠨ ᠳᠤ ᠢᠷᠭᠡᠨ ᠤ ᠬᠡᠷᠡᠭ 28᠂ ᠡᠷᠡᠭᠦᠦ ᠶᠢᠨ ᠬᠡᠷᠡᠭ 20 ᠪᠣᠶ᠂ ᠡᠨᠡ ᠨᠢ ᠥᠷᠭᠡᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠭᠰᠠᠨ ᠢᠶᠠᠷ ᠪᠠᠷᠠᠬᠤ ᠦᠭᠡᠢ᠂ ᠨᠡᠶᠢᠭᠡᠮ ᠤᠨ ᠠᠮᠤᠷ ᠲᠦᠪᠰᠢᠨ ᠪᠤᠰᠤ ᠠᠶᠤᠯ ᠲᠦᠭᠰᠢᠭᠦᠷᠢ ᠶᠢᠨ ᠬᠡᠮ ᠰᠣᠭᠤᠭ ᠢ ᠴᠤ ᠴᠠᠭ ᠲᠤᠬᠠᠢ ᠳᠤᠨᠢ ᠠᠷᠢᠯᠭᠠᠭᠰᠠᠨ ᠪᠠᠶᠢᠨ᠎ᠠ᠃ 
 
ᠢᠷᠡᠯᠲᠡ᠄ ᠬᠠᠤᠯᠢ ᠴᠠᠭᠠᠵᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号