ᠲᠦᠮᠡᠳ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠷᠪᠠᠨ ᠨᠢᠭᠡᠳᠦᠭᠡᠷ ᠬᠤᠭᠤᠴᠠᠭᠠᠨ ᠤ ᠵᠠᠷᠤᠳᠠᠯ ᠢ ᠬᠢᠨᠠᠨ ᠪᠠᠶᠢᠴᠠᠭᠠᠬᠤ ᠵᠥᠪᠯᠡᠯ ᠤᠨ ᠳᠥᠷᠪᠡᠳᠦᠭᠡᠷ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/24
     4 ᠰᠠᠷ᠎ᠠ ᠶᠢᠨ 22 ᠤᠨ ᠡᠳᠦᠷ᠂ ᠲᠦᠮᠡᠳ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠷᠪᠠᠨ ᠨᠢᠭᠡᠳᠦᠭᠡᠷ ᠬᠤᠭᠤᠴᠠᠭᠠᠨ ᠤ ᠵᠠᠷᠤᠳᠠᠯ ᠢ ᠬᠢᠨᠠᠨ ᠪᠠᠶᠢᠴᠠᠭᠠᠬᠤ ᠺᠣᠮᠢᠰ ᠤᠨ ᠳᠥᠷᠪᠡᠳᠦᠭᠡᠷ ᠪᠥᠬᠦᠳᠡ ᠬᠤᠷᠠᠯ ᠬᠤᠷᠠᠯᠳᠤᠭᠤᠯᠪᠠ᠃ ᠬᠤᠷᠠᠯ  ᠢ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ  ᠶᠢᠨ ᠳᠡᠳ᠋ ᠲᠡᠷᠢᠭᠦᠯᠡᠭᠴᠢ ᠶᠡᠭᠡ ᠡᠷᠭᠢᠯᠡᠵᠦ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠨᠢᠭᠡᠳᠦᠭᠡᠷ ᠬᠤᠭᠤᠴᠠᠭᠠᠨ ᠤ ᠵᠠᠷᠤᠳᠠᠯ  ᠢ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠵᠢᠴᠢ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠡᠳ᠋ ᠤᠨ ᠶᠠᠪᠤᠳᠠᠯ ᠤᠨ ᠬᠡᠯᠲᠡᠰ ᠬᠤᠷᠠᠯ ᠳᠤ ᠣᠷᠣᠯᠴᠠᠵᠠᠢ᠃
C:\Users\bch\Desktop\4.24  今日土左 土默特左旗总工会召开第十一届经费审查委员会第四次全体会议图.jpg
     ᠬᠤᠷᠠᠯ ᠠᠴᠠ︽ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠠᠷᠪᠠ ᠶᠢᠰᠦᠳᠦᠭᠡᠷ ᠬᠤᠭᠤᠴᠠᠭᠠᠨ ᠤ ᠵᠠᠷᠤᠳᠠᠯ ᠢ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠮᠡᠳᠡᠭᠦᠯᠦᠯᠲᠡ︾ ᠶᠢ ᠤᠯᠠᠮᠵᠢᠯᠠᠨ ᠰᠤᠷᠤᠯᠴᠠᠪᠠ᠃ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠡᠳ᠋ ᠤᠨ ᠶᠠᠪᠤᠳᠠᠯ ᠤᠨ ᠬᠡᠯᠲᠡᠰ ︽ᠲᠦᠮᠡᠳ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ 2023 ᠣᠨ ᠤ ᠲᠥᠰᠥᠪ ᠤᠨ ᠭᠦᠢᠴᠡᠳᠬᠡᠯ ᠤᠨ ᠮᠡᠳᠡᠭᠦᠯᠦᠯᠲᠡ ︵ᠲᠥᠰᠥᠯ︶︾ ᠪᠠ ︽ᠲᠦᠮᠡᠳ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ 2024 ᠣᠨ ᠤ ᠲᠥᠰᠥᠪ ᠤᠨ ᠮᠡᠳᠡᠭᠦᠯᠦᠯᠲᠡ ︵ᠲᠥᠰᠥᠯ︶︾ ᠶᠢᠨ ᠠᠵᠢᠯ ᠤᠨ ᠬᠠᠷᠢᠭᠤ ᠮᠡᠳᠡᠭᠦᠯᠦᠯᠲᠡ ᠪᠠ ᠪᠠᠶᠢᠳᠠᠯ ᠤᠨ ᠲᠣᠳᠣᠷᠬᠠᠶᠢᠯᠠᠯᠲᠠ ᠬᠢᠪᠡ᠃     ᠬᠢᠨᠠᠨ ᠪᠠᠶᠢᠴᠠᠭᠠᠬᠤ ᠭᠡᠰᠢᠭᠦᠳ ᠬᠢᠨᠠᠨ ᠶᠠᠷᠢᠯᠴᠠᠬᠤ ᠪᠠᠷ ᠳᠠᠮᠵᠢᠭᠠᠳ᠂ 2023 ᠣᠨ ᠳᠤ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯᠴᠢᠨ ᠤ ᠡᠪᠯᠡᠯ ᠤᠨ ᠵᠠᠷᠤᠳᠠᠯ ᠢ ᠬᠤᠷᠢᠶᠠᠵᠤ ᠬᠡᠷᠡᠭᠯᠡᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠡᠳ᠋ ᠤᠨ ᠶᠠᠪᠤᠳᠠᠯ ᠤᠨ ᠰᠠᠭᠤᠷᠢ ᠠᠵᠢᠯ ᠢ ᠴᠢᠩᠭᠠᠳᠬᠠᠬᠤ ᠲᠠᠯ᠎ᠠ ᠪᠠᠷ ᠠᠵᠢᠯᠴᠢᠨ ᠤ ᠡᠪᠯᠡᠯ ᠤᠨ ᠵᠠᠷᠤᠳᠠᠯ ᠢ ︽ᠬᠤᠷᠢᠶᠠᠬᠤ᠂ ᠬᠠᠮᠢᠶᠠᠷᠬᠤ᠂ ᠬᠡᠷᠡᠭᠯᠡᠬᠦ︾ ᠪᠠᠷ ᠭᠤᠣᠯ ᠰᠢᠵᠢᠮ ᠪᠣᠯᠭᠠᠵᠤ᠂ ᠵᠠᠷᠤᠳᠠᠯ ᠤᠨ ᠵᠠᠷᠤᠯᠭ᠎ᠠ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠠᠵᠢᠯᠴᠢᠨ ᠤ ᠡᠪᠯᠡᠯ ᠤᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠡᠳ᠋ ᠤᠨ ᠶᠠᠪᠤᠳᠠᠯ ᠤᠨ ᠳᠦᠷᠢᠮ ᠢ ᠪᠦᠷᠢᠨᠰᠢᠭᠦᠯᠬᠦ᠂ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠬᠤ᠂ ᠵᠠᠷᠤᠳᠠᠯ ᠤᠨ ᠠᠵᠢᠯᠯᠠᠭᠠᠨ ᠢ ᠵᠢᠷᠤᠮᠵᠢᠭᠤᠯᠬᠤ ᠲᠠᠯ᠎ᠠ ᠪᠠᠷ᠂ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠲᠠᠭᠤ ᠪᠤᠰᠤ ᠵᠠᠷᠤᠯᠭ᠎ᠠ ᠶᠢ ᠪᠠᠭᠠᠰᠬᠠᠵᠤ᠂ ᠵᠢᠯ ᠤᠨ ᠡᠬᠢᠨ ᠳᠤ ᠲᠣᠭᠲᠠᠭᠠᠭᠰᠠᠨ ᠲᠥᠰᠥᠪ ᠢ ᠴᠢᠩᠭ᠎ᠠ ᠵᠢᠷᠤᠮᠯᠠᠬᠤ ᠬᠡᠷᠡᠭᠲᠡᠢ᠃ ᠠᠵᠢᠯᠴᠢᠨ ᠤ ᠡᠪᠯᠡᠯ ᠤᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠵᠡᠷᠭᠡ ᠲᠠᠢ ᠤᠶᠠᠯᠳᠤᠭᠤᠯᠤᠨ᠂ ᠠᠵᠢᠯᠴᠢᠨ ᠤ ᠡᠪᠯᠡᠯ ᠤᠨ ᠠᠵᠢᠯ ᠤᠨ ᠪᠥᠬᠦ ᠲᠠᠯ᠎ᠠ ᠳᠤ ᠦᠢᠯᠡᠴᠢᠯᠡᠬᠦ ᠪᠠ ᠠᠵᠢᠯᠲᠠᠨ ᠠᠵᠢᠯᠴᠢᠨ ᠣᠯᠠᠨ ᠲᠦᠮᠡᠨ ᠳᠤ ᠦᠢᠯᠡᠴᠢᠯᠡᠬᠦ ᠳᠤ ᠠᠰᠢᠭᠲᠠᠢ ᠪᠠᠲᠤᠯᠠᠭ᠎ᠠ ᠬᠠᠩᠭᠠᠵᠤ᠂ ᠰᠢᠨ᠎ᠡ ᠴᠠᠭ ᠦᠶ᠎ᠡ ᠶᠢᠨ ᠠᠵᠢᠯᠴᠢᠨ ᠤ ᠡᠪᠯᠡᠯ ᠤᠨ ᠠᠵᠢᠯ ᠤᠨ ᠣᠨᠴᠠᠯᠢᠭ ᠢ ᠢᠯᠡᠷᠡᠭᠦᠯᠵᠦ᠂ ᠪᠣᠳᠠᠲᠠᠢ ᠳᠤ ᠨᠡᠶᠢᠴᠡᠭᠰᠡᠨ ᠪᠠᠶᠢᠨ᠎ᠠ᠃ ᠡᠳ᠋ ᠤᠨ ᠶᠠᠪᠤᠳᠠᠯ ᠤᠨ ᠶᠠᠮᠤᠨ ᠤ ᠬᠤᠶᠠᠷ ᠮᠡᠳᠡᠭᠦᠯᠦᠯᠲᠡ ︵ᠲᠥᠰᠥᠯ︶ ᠶᠢ ᠤᠯᠠᠨ ᠢᠶᠠᠷ ᠢᠶᠠᠨ ᠰᠠᠨᠠᠯ ᠨᠢᠭᠡᠲᠡᠢ ᠵᠥᠪᠰᠢᠶᠡᠷᠡᠪᠡ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠬᠢᠨᠠᠨ ᠪᠠᠶᠢᠴᠠᠭᠠᠵᠤ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠬᠢᠨᠠᠨ ᠪᠠᠶᠢᠴᠠᠭᠠᠵᠤ ᠬᠢᠨᠠᠨ ᠪᠤᠳᠤᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠪᠠᠶᠢᠩᠭᠤᠵᠢᠭᠰᠠᠨ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯᠴᠢᠨ ᠤ ᠡᠪᠯᠡᠯ ᠤᠨ ᠠᠵᠤ ᠠᠬᠤᠢ ᠶᠢᠨ ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠲᠠᠯᠪᠢᠵᠤ ᠪᠠᠲᠤᠯᠠᠬᠤ ᠦᠢᠯᠡᠳᠦᠯ ᠢ ᠪᠦᠲᠦᠮᠵᠢᠲᠡᠢ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ 2024 ᠣᠨ ᠳᠤ ᠪᠥᠬᠦ ᠬᠤᠰᠢᠭᠤᠨ ᠤ ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠠᠵᠤ ᠠᠬᠤᠢ ᠶᠢᠨ ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠪᠠ ᠠᠵᠤ ᠠᠬᠤᠢ ᠶᠢᠨ ᠬᠢᠨᠠᠨ ᠪᠠᠶᠢᠴᠠᠭᠠᠬᠤ ᠺᠠᠳ᠋ᠷᠴᠤᠳ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠥᠬᠡᠬᠤᠲᠠ ᠶᠢᠨ ᠠᠵᠢᠯᠴᠢᠨ ᠤ ᠡᠪᠯᠡᠯ ᠤᠨ ᠬᠤᠷᠢᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠶᠣᠰᠣᠭᠠᠷ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠠᠷᠤᠳᠠᠯ ᠢ ᠬᠢᠨᠠᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠬᠢᠨᠠᠨ ᠪᠤᠳᠤᠬᠤ ᠪᠠ ᠬᠢᠨᠠᠯᠲᠠ ᠲᠠᠯᠪᠢᠬᠤ ᠬᠤᠶᠠᠷ ᠶᠡᠭᠡ ᠭᠤᠣᠯ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠢᠯ ᠤᠨ ᠰᠡᠳᠬᠢᠴᠡ ᠪᠠ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠵᠢᠯᠴᠢᠨ ᠤ ᠡᠪᠯᠡᠯ ᠤᠨ ᠵᠠᠷᠤᠳᠠᠯ ᠢ ᠬᠢᠨᠠᠨ ᠪᠤᠳᠤᠬᠤ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠰᠤᠷᠤᠯᠴᠠᠬᠤ ᠴᠢᠳᠠᠪᠤᠷᠢ᠂ ᠠᠵᠢᠯ ᠬᠢᠬᠦ ᠴᠢᠳᠠᠪᠤᠷᠢ᠂ ᠦᠢᠯᠡᠴᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠠᠵᠢᠯᠴᠢᠨ ᠤ ᠡᠪᠯᠡᠯ ᠤᠨ ᠠᠵᠤ ᠠᠬᠤᠢ ᠶᠢᠨ ᠬᠢᠨᠠᠨ ᠪᠠᠶᠢᠴᠠᠭᠠᠬᠤ ᠠᠵᠢᠯ ᠤᠨ ︽ᠬᠢᠨᠠᠨ ᠪᠠᠶᠢᠴᠠᠭᠠᠵᠤ ᠬᠠᠪᠰᠤᠷᠤᠨ ᠠᠬᠢᠭᠤᠯᠬᠤ︾ ᠦᠢᠯᠡᠳᠦᠯ ᠢ ᠭᠦᠢᠴᠡᠳ ᠪᠠᠳᠠᠷᠠᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠢ ᠶᠢᠨ ᠬᠢᠨᠠᠨ ᠪᠠᠶᠢᠴᠠᠭᠠᠬᠤ ᠠᠵᠢᠯ ᠤᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠦᠨ᠎ᠡ᠃  
 
ᠢᠷᠡᠯᠲᠡ᠄ ᠠᠵᠢᠯᠴᠢᠨ ᠤ ᠶᠡᠷᠦᠩᠬᠡᠢ ᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号