ᠲᠦᠮᠡᠳ ᠵᠡᠭᠦᠨ ᠬᠤᠰᠢᠭᠤᠨ ᠤ ᠪᠢᠴᠢᠭᠡᠴᠢ ᠪᠠᠯᠭᠠᠰᠤ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/4/25
     ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠤᠱᠯᠠᠭᠤᠯᠵᠤ᠂ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠪᠢᠴᠢᠭᠡᠴᠢ ᠪᠠᠯᠭᠠᠰᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠤᠯᠤᠰ ᠤᠨ ᠠᠮᠤᠷ ᠲᠦᠪᠰᠢᠨ ᠢᠶᠠᠷ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠲᠤ ᠣᠷᠣᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃     ᠪᠢᠴᠢᠭᠡᠴᠢ ᠪᠠᠯᠭᠠᠰᠤ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠬᠡᠷᠡᠭ ᠢᠶᠠᠷ ᠬᠠᠤᠯᠢ ᠶᠢ ᠲᠦᠭᠡᠮᠡᠯᠵᠢᠭᠦᠯᠬᠦ ᠪᠠᠷ ᠳᠠᠮᠵᠢᠭᠤᠯᠵᠤ᠂ ᠤᠯᠠᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠨᠢ ᠳᠡᠭᠡᠭᠰᠢᠯᠡᠭᠦᠯᠵᠡᠢ᠃ ᠤᠯᠠᠨ ᠢᠶᠠᠷ ᠢᠶᠠᠨ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠪᠠᠶᠠᠯᠢᠭ ᠠᠭᠤᠯᠤᠭᠳᠠᠬᠤᠨ ᠤ ᠲᠤᠬᠠᠢ ᠨᠡᠩ ᠰᠢᠭᠤᠳ ᠪᠥᠭᠡᠳ ᠪᠦᠬᠦ ᠲᠠᠯ᠎ᠠ ᠶᠢᠨ ᠲᠠᠨᠢᠯᠲᠠ ᠲᠠᠢ ᠪᠣᠯᠪᠠ᠂ ᠬᠤᠶᠢᠰᠢᠳᠠ ᠤᠬᠠᠮᠰᠠᠷ ᠠᠴᠠ ᠪᠠᠨ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠵᠤ᠂ ᠱᠠᠰᠢᠨ ᠰᠤᠷᠲᠠᠬᠤᠨ ᠤ ᠬᠡᠲᠦᠷᠡᠮᠡᠬᠡᠢ ᠦᠵᠡᠯ ᠰᠠᠨᠠᠭ᠎ᠠ ᠶᠢ ᠡᠷᠡᠰ ᠡᠰᠡᠷᠭᠦᠴᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠪᠢᠴᠢᠭᠡᠴᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号