ᠲᠦᠮᠡᠳ ᠵᠡᠭᠦᠨ ᠬᠤᠰᠢᠭᠤᠨ ᠤ ᠲᠠᠶᠢᠭ᠎ᠠ ᠮᠤᠳᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ ᠵᠠᠮ ᠡᠵᠡᠯᠡᠨ ᠡᠵᠡᠩᠨᠡᠬᠦ ᠠᠵᠢᠯᠯᠠᠭ᠎ᠠ ᠶᠢ ᠵᠢᠷᠤᠮᠵᠢᠭᠤᠯᠵᠤ ᠴᠡᠪᠡᠷ ᠲᠡᠭᠰᠢ ᠡᠮᠬᠢ ᠳᠢᠭᠯᠢᠮ ᠲᠠᠢ ᠣᠷᠴᠢᠨ ᠲᠣᠭᠤᠷᠢᠨ ᠢ ᠪᠤᠢ ᠪᠣᠯᠭᠠᠨ᠎ᠠ
ᠨᠡᠶᠢᠲᠡᠯᠡᠭᠰᠡᠨ ᠴᠠᠭ᠄
2024/4/25
     ᠬᠠᠷᠢᠶᠠᠲᠤ ᠣᠷᠣᠨ ᠤ ᠳᠣᠲᠣᠷᠠᠬᠢ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠣᠯᠪᠠᠰᠤᠨ᠂ ᠴᠡᠪᠡᠷ ᠲᠡᠭᠰᠢ᠂ ᠠᠮᠤᠷ ᠲᠦᠪᠰᠢᠨ᠂ ᠡᠮᠬᠢ ᠵᠢᠷᠤᠮ ᠲᠠᠢ ᠪᠠᠯᠭᠠᠰᠤᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠲᠠᠶᠢᠭ᠎ᠠ ᠮᠤᠳᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠷᠢᠶᠠᠲᠤ ᠣᠷᠣᠨ ᠤ ᠭᠤᠣᠯ ᠳᠡᠳ᠋ ᠵᠠᠮ ᠱᠤᠭᠤᠮ᠂ ᠰᠤᠷᠭᠠᠭᠤᠯᠢ ᠵᠢᠴᠢ ᠰᠠᠭᠤᠭᠠᠯᠢ ᠠᠷᠠᠳ ᠤᠨ ᠲᠣᠭᠤᠷᠢᠭ ᠤᠨ ᠡᠷᠬᠢᠨ ᠲᠣᠭᠤᠷᠢᠨ ᠳᠤ ᠵᠠᠮ ᠡᠵᠡᠯᠡᠨ ᠡᠵᠡᠩᠨᠡᠵᠦ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠵᠠᠮ ᠡᠵᠡᠯᠡᠨ ᠡᠵᠡᠩᠨᠡᠬᠦ ᠵᠡᠷᠭᠡ ᠦᠵᠡᠭᠳᠡᠯ ᠤᠨ ᠳᠠᠬᠢᠨ ᠡᠭᠦᠰᠬᠦ ᠶᠢ ᠡᠷᠡᠰ ᠬᠤᠷᠢᠭᠯᠠᠪᠠ᠃     ᠬᠠᠤᠯᠢ ᠬᠡᠷᠡᠭᠵᠢᠭᠦᠯᠬᠦ ᠠᠵᠢᠯᠲᠠᠨ ︽ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ + ᠤᠬᠠᠭᠤᠯᠤᠨ ᠢᠳᠬᠠᠬᠤ︾ ᠠᠷᠭ᠎ᠠ ᠮᠠᠶ᠋ᠢᠭ ᠢ ᠠᠪᠴᠤ᠂ ᠨᠢᠭᠡ ᠲᠠᠯ᠎ᠠ ᠪᠠᠷ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠠᠷᠢᠶᠠᠲᠤ ᠣᠷᠣᠨ ᠤ ᠳᠣᠲᠣᠷᠠᠬᠢ ᠳᠡᠯᠭᠡᠭᠦᠷ᠂ ᠨᠡᠭᠦᠳᠡᠯ ᠳᠡᠯᠭᠡᠭᠦᠷᠴᠢᠨ ᠤ ᠳᠡᠯᠭᠡᠭᠦᠷ ᠤᠨ ᠭᠠᠳᠠᠨ᠎ᠠ ᠳᠡᠯᠭᠡᠭᠦᠷ ᠭᠠᠷᠭᠠᠬᠤ᠂ ᠵᠠᠮ ᠡᠵᠡᠯᠡᠨ ᠡᠵᠡᠩᠨᠡᠬᠦ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠴᠠᠭ ᠲᠤᠬᠠᠢ ᠳᠤᠨᠢ ᠢᠯᠡᠷᠡᠭᠦᠯᠵᠦ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠨ᠎ᠡ᠃ ᠨᠥᠭᠦᠭᠡ ᠲᠠᠯ᠎ᠠ ᠪᠠᠷ ᠤᠬᠠᠭᠤᠯᠭ᠎ᠠ ᠬᠥᠮᠦᠵᠢᠯ  ᠢ ᠴᠢᠩᠭᠠᠳᠬᠠᠵᠤ᠂ ︽ᠨᠢᠭᠡ ᠳᠤ ᠢᠳᠬᠠᠬᠤ᠂ ᠬᠤᠶᠠᠷ ᠲᠤ ᠬᠥᠮᠥᠵᠢᠭᠦᠯᠬᠦ︾ ᠵᠠᠷᠴᠢᠮ ᠶᠣᠰᠣᠭᠠᠷ᠂ ᠰᠠᠭᠤᠭᠠᠯᠢ ᠠᠷᠠᠳ᠂ ᠬᠤᠳᠠᠯᠳᠤᠭᠠᠨ ᠤ ᠡᠷᠦᠬᠡ  ᠶᠢ ᠬᠥᠲᠥᠯᠥᠨ ᠵᠢᠯᠤᠭᠤᠳᠴᠤ ᠪᠠᠶᠢᠭᠠᠳ ᠵᠠᠮ ᠡᠵᠡᠯᠡᠬᠦ ︵ᠳᠡᠯᠭᠡᠭᠦᠷ ᠠᠴᠠ ᠭᠠᠷᠬᠤ︶ ᠡᠵᠡᠩᠨᠡᠯᠲᠡ  ᠶᠢᠨ ᠮᠠᠭᠤ ᠳᠠᠳᠬᠠᠯ  ᠢ ᠨᠢ ᠬᠤᠪᠢᠷᠠᠭᠤᠯᠵᠤ᠂ ᠬᠤᠲᠠ  ᠶᠢᠨ ᠡᠵᠡᠨ ᠬᠥᠮᠥᠨ ᠤ ᠤᠬᠠᠮᠰᠠᠷ  ᠢ ᠦᠨᠡᠨᠬᠦ ᠪᠤᠶ ᠪᠣᠯᠭᠠᠵᠤ᠂ ᠬᠤᠲᠠ ᠪᠠᠯᠭᠠᠰᠤᠨ ᠤ ᠠᠷᠢᠭᠤᠨ ᠴᠡᠪᠡᠷ ᠣᠷᠴᠢᠨ ᠲᠣᠭᠤᠷᠢᠨ  ᠢ ᠤᠬᠠᠮᠰᠠᠷ  ᠠᠴᠠ ᠪᠠᠨ ᠬᠠᠮᠠᠭᠠᠯᠠᠬᠤ ᠬᠡᠷᠡᠭᠲᠡᠢ᠃     ᠳᠠᠷᠠᠭᠠᠴᠢ ᠶᠢᠨ ᠠᠯᠬᠤᠮ ᠳᠤ᠂ ᠲᠠᠶᠢᠭ᠎ᠠ ᠮᠤᠳᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠦᠷᠭᠦᠯᠵᠢᠯᠡᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠨᠠᠷᠢᠨ ᠵᠦᠢᠯᠡᠰ ᠢ ᠴᠢᠩᠭ᠎ᠠ ᠠᠳᠬᠤᠵᠤ᠂ ᠵᠠᠮ ᠡᠵᠡᠯᠡᠨ ᠡᠵᠡᠩᠨᠡᠬᠦ᠂ ᠳᠡᠯᠭᠡᠭᠦᠷ ᠤᠨ ᠭᠠᠳᠠᠨ᠎ᠠ ᠡᠵᠡᠩᠨᠡᠬᠦ ᠵᠡᠷᠭᠡ ᠦᠵᠡᠭᠳᠡᠯ ᠲᠠᠬᠢᠨ ᠢᠯᠡᠷᠡᠬᠦ ᠶᠢ ᠰᠡᠷᠭᠡᠶᠢᠯᠡᠵᠦ᠂ ᠬᠠᠷᠢᠶ᠎ᠠ ᠣᠷᠣᠨ ᠤ ᠵᠠᠮ ᠤᠨ ᠴᠡᠪᠡᠷ ᠲᠡᠭᠰᠢ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠥᠷᠭᠡᠨ ᠤᠯᠠᠨ ᠰᠠᠭᠤᠭᠠᠯᠢ ᠠᠷᠠᠳ ᠲᠤ ᠠᠷᠢᠭᠤᠨ ᠴᠡᠪᠡᠷ ᠡᠶ᠎ᠡ ᠵᠣᠬᠢᠴᠠᠩᠭᠤᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃
 
ᠢᠷᠡᠯᠲᠡ᠄ ᠲᠠᠶᠢᠭ᠎ᠠ ᠮᠤᠳᠤ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号