ᠵᠣᠣ ᠯᠢ ᠮᠢᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠣᠷᠴᠢᠨ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠲᠤᠬᠠᠢ ᠶᠢᠨ ᠭᠠᠵᠠᠷ  ᠲᠤ ᠨᠢ ᠬᠦᠷᠴᠦ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2024/4/25
     4 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠬᠤᠰᠢᠭᠤᠨ ᠤ ᠳᠠᠷᠤᠭ᠎ᠠ ᠵᠤᠤ ᠯᠢ ᠮᠢᠨ ᠪᠦᠯᠬᠦᠮ ᠳᠠᠭᠠᠭᠤᠯᠤᠨ G6 ᠲᠦᠷᠭᠡᠨ ᠵᠠᠰᠠᠮᠠᠯ ᠵᠠᠮ ᠤᠨ ᠬᠥᠬᠡᠬᠤᠲᠠ ᠶᠢᠨ ᠪᠠᠷᠠᠭᠤᠨ ᠲᠠᠯ᠎ᠠ ᠶᠢᠨ ᠣᠷᠣᠵᠤ ᠭᠠᠷᠬᠤ ᠭᠠᠵᠠᠷ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠳᠠᠯᠠᠨ ᠬᠠᠷ᠎ᠠ ᠠᠭᠤᠯᠠ ᠵᠡᠭᠡᠯᠢ᠂ ᠭᠤᠷᠪᠠᠳᠤᠭᠠᠷ ᠲᠣᠭᠤᠷᠢᠯ ᠵᠠᠮ᠂ ᠶᠢᠨ ᠬᠠᠢ ᠵᠠᠮ ᠵᠡᠷᠭᠡ ᠭᠤᠣᠯᠳᠠᠯᠭ᠎ᠠ ᠲᠠᠢ ᠵᠠᠮ ᠪᠠ ᠣᠷᠣᠨ ᠪᠦᠰᠡ ᠳᠤ ᠬᠦᠷᠴᠦ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠣᠷᠴᠢᠨ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠲᠤᠬᠠᠢ ᠶᠢᠨ ᠭᠠᠵᠠᠷ ᠲᠤᠨᠢ ᠲᠦᠯᠬᠢᠨ ᠠᠬᠢᠭᠤᠯᠪᠠ᠃     ᠠᠵᠢᠯᠯᠠᠬᠤ ᠳᠤᠭᠤᠶᠢᠯᠠᠩ ᠨᠢᠭᠡ ᠲᠠᠯ᠎ᠠ ᠪᠠᠷ ᠶᠠᠪᠤᠵᠤ ᠨᠢᠭᠡ ᠲᠠᠯ᠎ᠠ ᠪᠠᠷ ᠦᠵᠡᠵᠦ᠂ ᠡᠯ᠎ᠡ ᠭᠤᠣᠯᠳᠠᠯᠭ᠎ᠠ ᠲᠠᠢ ᠵᠠᠮ ᠤᠨ ᠬᠡᠰᠡᠭ ᠤᠨ ᠵᠠᠮ ᠬᠠᠷᠢᠯᠴᠠᠭᠠᠨ ᠤ ᠡᠮᠬᠢ ᠵᠢᠷᠤᠮ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ᠂ ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠤᠷ ᠲᠤ ᠠᠵᠢᠯᠯᠠᠬᠤ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ ᠳᠤ ᠣᠷᠴᠢᠨ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠳᠡᠭᠡᠭᠰᠢᠯᠡᠭᠦᠯᠬᠦ ᠲᠠᠯ᠎ᠠ ᠪᠠᠷ ᠲᠣᠬᠢᠷᠠᠭᠤᠯᠤᠯᠲᠠ ᠬᠢᠵᠦ᠂ ᠪᠣᠳᠠᠲᠠᠢ ᠠᠷᠭ᠎ᠠ ᠬᠡᠮᠵᠢᠶ᠎ᠡ ᠳᠤᠷᠠᠳᠪᠠ᠃ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠦᠴᠦᠨ ᠢᠶᠠᠨ ᠲᠥᠪᠯᠡᠷᠡᠭᠦᠯᠦᠨ᠂ ᠦᠳᠲᠡᠷ ᠲᠦᠷᠭᠡᠨ ᠬᠥᠳᠡᠯᠦᠯᠴᠡᠵᠦ᠂ ᠭᠤᠣᠯᠳᠠᠯᠭ᠎ᠠ ᠲᠠᠢ ᠵᠠᠮ ᠳᠠᠭᠠᠤ ᠶᠢᠨ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠴᠡᠪᠡᠷᠯᠡᠬᠦ᠂ ᠵᠠᠮ ᠤᠨ ᠭᠠᠳᠠᠷᠭᠤ ᠶᠢ ᠬᠠᠲᠠᠭᠤᠷᠠᠭᠤᠯᠬᠤ᠂ ᠪᠠᠷᠢᠯᠭ᠎ᠠ ᠶᠢᠨ ᠠᠵᠢᠯ ᠤᠨ ᠬᠦᠷᠢᠶ᠎ᠡ ᠬᠠᠰᠢᠯᠭ᠎ᠠ ᠶᠢ ᠵᠢᠷᠤᠮᠵᠢᠭᠤᠯᠤᠨ ᠵᠠᠰᠠᠬᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠵᠠᠰᠠᠬᠤ ᠵᠡᠷᠭᠡ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠪᠠᠭ᠎ᠠ ᠲᠠᠯ᠎ᠠ ᠠᠴᠠ ᠪᠣᠳᠣᠯᠬᠢᠯᠠᠨ᠂ ᠨᠠᠷᠢᠨ ᠵᠦᠢᠯᠡᠰ ᠠᠴᠠ ᠭᠠᠷᠳᠠᠵᠤ᠂ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ᠂ ᠵᠠᠮ ᠡᠪᠳᠡᠷᠡᠬᠦ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠠᠰᠠᠭᠤᠳᠠᠯ ᠢ ᠦᠨᠡᠨᠬᠦ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ᠂ ᠲᠡᠷᠭᠡ ᠵᠣᠭᠰᠤᠭᠠᠬᠤ ᠪᠠᠶᠢᠷᠢ ᠶᠢ ᠬᠤᠪᠢᠶᠠᠷᠢᠯᠠᠬᠤ᠂ ᠬᠠᠮᠲᠤ ᠪᠠᠷ ᠡᠳ᠋ᠯᠡᠬᠦ ᠳᠤᠭᠤᠢ ᠲᠡᠷᠭᠡ ᠶᠢᠨ ᠬᠠᠮᠢᠶᠠᠷᠤᠯᠲᠠ ᠶᠢ ᠣᠨᠣᠪᠴᠢᠲᠠᠢ ᠰᠠᠶᠢᠲᠤᠷ ᠬᠢᠵᠦ᠂ ᠵᠠᠩᠭᠢᠯᠠᠭ᠎ᠠ ᠶᠢᠨ ᠴᠠᠭ᠂ ᠬᠡᠰᠡᠭ᠂ ᠣᠷᠣᠨ ᠪᠦᠰᠡ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠳᠤᠲᠠᠭᠤ ᠶᠢ ᠪᠠᠶᠢᠴᠠᠭᠠᠵᠤ ᠳᠤᠲᠠᠭᠤ ᠶᠢ ᠨᠥᠬᠦᠪᠦᠷᠢᠯᠡᠬᠦ᠂ ᠨᠠᠷᠢᠯᠢᠭ ᠨᠠᠶᠢᠳᠠᠪᠤᠷᠢᠵᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠣᠨᠣᠪᠴᠢᠲᠠᠢ ᠰᠠᠶᠢᠲᠤᠷ ᠬᠡᠷᠡᠭᠵᠢᠭᠦᠯᠵᠦ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠪᠣᠳᠠᠲᠠᠢ ᠠᠳᠬᠤᠬᠤ ᠬᠡᠷᠡᠭᠲᠡᠢ᠃      ᠬᠤᠰᠢᠭᠤᠨ ᠤ ᠳᠡᠳ᠋ ᠳᠠᠷᠤᠭ᠎ᠠ ᠵᠣᠣ ᠬᠤᠩ ᠰᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃  
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号