ᠤᠯᠠᠮᠵᠢᠯᠠᠯᠲᠤ ᠰᠣᠶᠣᠯ ᠢ ᠬᠠᠮᠠᠭᠠᠯᠠᠨ ᠪᠠᠳᠠᠷᠠᠭᠤᠯᠬᠤ ᠶᠢᠨ ᠲᠥᠯᠥᠭᠡ᠂ ᠬᠤᠲᠠ ᠶᠢᠨ ᠲᠡᠦᠬᠡ ᠰᠣᠶᠣᠯ ᠤᠨ | ᠰᠤᠳᠠᠰᠤ ᠶᠢ ᠦᠷᠭᠦᠯᠵᠢᠯᠡᠭᠦᠯᠵᠦ᠂ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ︽ᠮᠠᠨ ᠤ ᠬᠤᠲᠠ ᠶᠢᠨ ᠲᠡᠦᠬᠡ ᠰᠣᠶᠣᠯ ᠢ ᠤᠯᠠᠮᠵᠢᠯᠠᠨ ᠬᠠᠮᠠᠭᠠᠯᠠᠬᠤ ᠬᠠᠮᠢᠶ᠎ᠠ | ᠪᠦᠬᠦᠢ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ︵ᠬᠥᠬᠡᠬᠤᠲᠠ ᠣᠷᠣᠨ ᠰᠠᠭᠤᠴᠠ | ᠪᠦᠲᠦᠭᠡᠨ ᠪᠠᠶᠢᠭᠤᠯᠤᠯᠲᠠ ᠥᠰᠥᠭ ᠲᠠᠷᠬᠠᠭᠠᠭᠰᠠᠨ ﹇2023﹈ 1546 ᠳ᠋ᠤᠭᠠᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠬᠤᠰᠢᠭᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠵᠢᠭᠰᠠᠭᠠᠨ | ᠪᠠᠶᠢᠴᠠᠭᠠᠯᠲᠠ ᠪᠠᠷ ᠳᠡᠮᠵᠢᠨ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠡᠷᠦᠬᠡ ᠶᠢᠨ ᠡᠵᠡᠨ ᠤ ᠰᠠᠨᠠᠯ ᠢ ᠬᠤᠷᠢᠶᠠᠵᠤ᠂ | ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠰᠢᠯᠭᠠᠷᠠᠭᠤᠯᠵᠤ᠂ ᠹᠧᠢ ᠬᠥᠩ ᠰᠦᠮ᠎ᠡ᠂ | ᠷᠧᠨ ᠣᠪᠣᠭᠲᠤ ᠶᠢᠨ ᠣᠷᠣᠨ ᠰᠠᠭᠤᠴᠠ᠂ ᠯᠦ ᠪᠠᠨ ᠰᠦᠮ᠎ᠡ ᠶᠢᠨ ᠳᠡᠭᠡᠳᠦᠰ ᠤᠨ ᠰᠦᠮ᠎ᠡ᠂ ᠨᠠᠨ ᠴᠠ ᠹᠠᠩ ᠤᠨ | ᠭᠤᠸᠠᠨ ᠳ᠋ᠢ ᠮᠢᠶᠣᠣ ᠰᠦᠮ᠎ᠡ ᠶᠢᠨ ᠳᠡᠭᠡᠳᠦᠰ ᠤᠨ ᠰᠦᠮ᠎ᠡ ᠪᠠ ᠹᠧᠩ ᠯᠢᠨ ᠭᠧ ᠲᠠᠭᠲᠤ ᠶᠢᠨ ᠲᠠᠪᠤᠨ ᠭᠠᠵᠠᠷ ᠢ | ᠲᠡᠦᠬᠡ ᠶᠢᠨ ᠪᠠᠷᠢᠯᠭ᠎ᠠ ᠪᠠᠷ ᠲᠣᠭᠲᠠᠭᠠᠪᠠ᠃ | ᠡᠳᠦᠭᠡ ᠳᠡᠭᠡᠷᠡᠬᠢ 5 ᠲᠡᠦᠬᠡ ᠶᠢᠨ ᠪᠠᠷᠢᠯᠭ᠎ᠠ ᠶᠢ ᠢᠯᠡ ᠨᠡᠶᠢᠲᠡᠯᠡᠶ᠎ᠡ᠂ ᠢᠯᠡ ᠨᠡᠶᠢᠲᠡᠯᠡᠬᠦ ᠬᠤᠭᠤᠴᠠᠭ᠎ᠠ ᠨᠢ | 2024 ᠣᠨ ᠤ 4 ᠰᠠᠷ᠎ᠠ ᠶᠢᠨ 26 ᠤ ᠡᠳᠦᠷ ᠠᠴᠠ 2024 ᠣᠨ ᠤ 5 ᠰᠠᠷ᠎ᠠ ᠶᠢᠨ 7 ᠤ ᠡᠳᠦᠷ ᠪᠣᠯᠲᠠᠯ᠎ᠠ᠃ | ᠤᠯᠠᠨ ᠨᠡᠶᠢᠳᠡ ᠵᠢᠴᠢ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠤ ᠪᠢᠴᠢᠭ ᠢᠶᠠᠷ᠂ ᠹᠠᠺᠰ ᠵᠡᠷᠭᠡ ᠬᠡᠯᠪᠡᠷᠢ ᠪᠠᠷ | ᠰᠠᠨᠠᠯ ᠪᠠ ᠰᠠᠨᠠᠭᠤᠯᠭ᠎ᠠ ᠳᠤᠷᠠᠳᠬᠤ᠂ ᠡᠰᠡᠬᠦᠯ᠎ᠡ ᠲᠣᠭᠠᠴᠢᠯᠲᠠ ᠬᠢᠬᠦ᠂ ᠵᠥᠪᠲᠥᠭᠡᠨ ᠲᠣᠳᠣᠷᠬᠠᠶᠢᠯᠠᠬᠤ ᠵᠢᠴᠢ ᠰᠠᠨᠠᠯ | ᠰᠣᠨᠣᠰᠤᠭᠤᠯᠬᠤ ᠪᠠᠷ ᠱᠠᠭᠠᠷᠳᠠᠬᠤ ᠶᠢ ᠪᠠᠶᠠᠷᠯᠠᠨ ᠤᠭᠲᠤᠨ᠎ᠠ᠂ ᠬᠤᠭᠤᠴᠠᠭ᠎ᠠ ᠬᠡᠲᠦᠷᠡᠲᠡᠯ᠎ᠡ ᠳᠤᠷᠠᠳᠤᠭᠰᠠᠨ ᠦᠭᠡᠢ | ᠪᠠᠶᠢᠪᠠᠯ᠂ ᠡᠷᠬᠡ ᠪᠠᠨ ᠬᠠᠶᠠᠭᠰᠠᠨ ᠢᠶᠠᠷ ᠦᠵᠡᠨ᠎ᠡ᠃ | ᠬᠠᠷᠢᠯᠴᠠᠬᠤ ᠤᠲᠠᠰᠤ᠄ 0471-8115409 ︵ᠠᠯᠪᠠᠨ ᠭᠡᠷ︶ | ᠬᠠᠷᠢᠯᠴᠠᠬᠤ ᠨᠢᠭᠡᠴᠡ᠄ ᠲᠦᠮᠡᠳ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠬᠠᠷᠢᠯᠴᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠴᠡᠯᠡᠭᠡᠷ ᠲᠠᠯ᠎ᠠ ᠲᠣᠮᠣ | ᠠᠰᠠᠷ ᠤᠨ 1010 ᠥᠷᠥᠭᠡ | ᠳᠠᠭᠠᠯᠳᠤᠭᠤᠯᠤᠯ᠄ 5 ᠲᠡᠦᠬᠡᠨ ᠪᠠᠷᠢᠯᠭ᠎ᠠ ᠶᠢᠨ ᠦᠨᠳᠦᠰᠦᠨ ᠪᠠᠶᠢᠳᠠᠯ | | | | | | | | |