ᠬᠤᠶᠢᠲᠤ ᠰᠢᠷ᠎ᠠ ᠵᠤᠤ ᠰᠢᠶᠠᠩ ᠤᠨ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠬᠠᠤᠯᠢ ᠪᠠᠷᠢᠬᠤ ᠣᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠨᠡᠶᠢᠭᠡᠮ ᠤᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠬᠠᠮᠵᠢᠯᠴᠠᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2024/4/29
     ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠪᠣᠯ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠮᠥᠨ᠃ ᠬᠠᠤᠯᠢ ᠴᠠᠭᠠᠵᠠ ᠶᠢᠨ ᠡᠷᠬᠡ ᠰᠦᠷ ᠤᠨ ᠤᠷᠢᠲᠠᠯ ᠮᠥᠨ᠃ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣᠨ ᠤ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠮᠥᠨ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠃ ᠣᠶᠢᠷ᠎ᠠ ᠳᠤ᠂ ᠬᠤᠶᠢᠲᠤ ᠰᠢᠷ᠎ᠠ ᠵᠤᠤ ᠰᠢᠶᠠᠩ ᠤᠨ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠰᠢᠨ᠎ᠡ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢ ᠬᠡᠷᠡᠭᠵᠢᠭᠦᠯᠬᠦ ᠪᠠᠶᠢᠭᠤᠯᠤᠯᠭ᠎ᠠ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃     ᠠᠵᠢᠯᠯᠠᠭ᠎ᠠ ᠶᠢᠨ ᠳᠤᠮᠳᠠ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠤᠨ ᠠᠵᠢᠯᠲᠠᠨ ᠪᠣᠯᠣᠨ ᠮᠠᠨ ᠤ ᠰᠢᠶᠠᠩ ᠤᠨ ᠪᠠᠶᠢᠭᠤᠯᠤᠯᠭ᠎ᠠ ᠶᠢᠨ ᠺᠠᠳ᠋ᠷᠴᠤᠳ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠬᠥᠭᠵᠢᠯᠲᠡ ᠶᠢᠨ ᠶᠠᠪᠤᠴᠠ ᠪᠣᠯᠣᠨ ᠴᠢᠬᠤᠯᠠ ᠪᠠᠶᠢᠷᠢ ᠰᠠᠭᠤᠷᠢ ᠶᠢᠨ ᠲᠠᠯ᠎ᠠ ᠪᠠᠷ᠂ ︽ᠶᠠᠭᠤ ᠶᠢ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠭᠡᠬᠦ︾᠂ ︽ᠶᠠᠮᠠᠷ ᠤᠴᠢᠷ ᠶᠠᠪᠤᠳᠠᠯ ᠳᠤ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠪᠠᠷ ᠭᠤᠶᠤᠴᠢᠯᠠᠵᠤ ᠪᠣᠯᠬᠤ︾ ᠵᠢᠴᠢ ︽ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠪᠠᠷ ᠬᠡᠷᠬᠢᠨ ᠭᠤᠶᠤᠴᠢᠯᠠᠬᠤ︾ ᠵᠡᠷᠭᠡ ᠬᠡᠳᠦᠨ ᠠᠰᠠᠭᠤᠳᠠᠯ ᠤᠨ ᠲᠣᠭᠤᠷᠢᠨ ᠳᠤ ᠰᠤᠷᠤᠯᠴᠠᠨ ᠰᠣᠯᠢᠯᠴᠠᠵᠤ᠂ ᠪᠠᠶᠢᠭᠤᠯᠭ᠎ᠠ ᠶᠢᠨ ᠺᠠᠳ᠋ᠷᠴᠤᠳ ᠲᠤ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠬᠤ ᠠᠵᠢᠯ ᠤᠨ ᠰᠢᠨ᠎ᠡ ᠱᠠᠭᠠᠷᠳᠠᠯᠭ᠎ᠠ ᠶᠢ ᠨᠡᠩ ᠰᠠᠶᠢᠲᠤᠷ ᠡᠵᠡᠮᠰᠢᠭᠦᠯᠵᠦ᠂ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠶᠢ ᠮᠡᠳᠡᠷᠡᠬᠦ ᠰᠡᠳᠬᠢᠯᠭᠡ ᠵᠢᠴᠢ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠵᠥᠷᠢᠴᠡᠯ ᠢ ᠠᠷᠢᠯᠭᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠵᠡᠢ᠃     ᠳᠠᠷᠠᠭᠠᠴᠢ ᠶᠢᠨ ᠠᠯᠬᠤᠮ ᠳᠤ᠂ ᠬᠤᠶᠢᠲᠤ ᠰᠢᠷ᠎ᠠ ᠵᠤᠤ ᠰᠢᠶᠠᠩ ᠤᠨ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠦᠷᠭᠦᠯᠵᠢᠯᠡᠨ ᠬᠠᠮᠵᠢᠯᠴᠠᠨ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠨᠡᠶᠢᠭᠡᠮ ᠤᠨ ᠤᠬᠠᠭᠤᠯᠭ᠎ᠠ ᠶᠢᠨ ᠠᠵᠢᠯᠯᠠᠭ᠎ᠠ ᠶᠢ ᠰᠠᠶᠢᠲᠤᠷ ᠬᠢᠵᠦ᠂ ᠪᠠᠶᠢᠭᠤᠯᠭ᠎ᠠ ᠳᠤ ᠣᠷᠣᠬᠤ᠂ ᠠᠵᠤ ᠠᠬᠤᠶᠢᠯᠠᠯ ᠳᠤ ᠣᠷᠣᠬᠤ᠂ ᠡᠯ᠎ᠡ ᠲᠣᠰᠬᠤᠨ ᠳᠤ ᠣᠷᠣᠬᠤ ᠵᠡᠷᠭᠡ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ ᠤᠬᠠᠭᠤᠯᠬᠤ ᠬᠡᠪᠴᠢᠶ᠎ᠡ ᠪᠠᠨ ᠥᠷᠭᠡᠳᠬᠡᠵᠦ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠭ᠎ᠠ ᠶᠢᠨ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠤᠬᠠᠭᠤᠯᠭ᠎ᠠ ᠶᠢᠨ ᠡᠯ᠎ᠡ ᠲᠦᠷᠦᠯ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠭᠦᠢᠴᠡᠳ ᠠᠰᠢᠭᠯᠠᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠨᠢᠳᠦᠨ ᠳᠤ ᠦᠵᠡᠭᠳᠡᠵᠦ ᠪᠠᠶᠢᠭ᠎ᠠ ᠦᠨᠡᠨᠴᠢ ᠢᠲᠡᠭᠡᠮᠵᠢ ᠶᠢ ᠨᠠᠶᠢᠳᠠᠪᠤᠷᠢᠵᠢᠭᠤᠯᠵᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠮᠡᠳᠡᠷᠡᠬᠦ ᠬᠡᠮᠵᠢᠶ᠎ᠡ᠂ ᠮᠡᠳᠡᠷᠡᠬᠦ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠮᠠᠨ ᠤ ᠰᠢᠶᠠᠩ ᠤᠨ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠴᠢᠨᠠᠭᠰᠢᠳᠠ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃  
 
ᠢᠷᠡᠯᠲᠡ᠄ ᠬᠤᠶᠢᠲᠤ ᠰᠢᠷ᠎ᠠ ᠵᠤᠤ ᠰᠢᠶᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号