ᠰᠢ ᠶᠢᠨ ᠫᠢᠩ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2024/4/3
     ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 2 ᠤᠨ ᠴᠠᠭᠢᠯᠭᠠᠨ ᠮᠡᠳᠡᠭᠡ   4 ᠰᠠᠷ᠎ᠠ ᠶᠢᠨ 2 ᠤᠨ ᠣᠷᠣᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠪᠠᠷ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠤᠲᠠᠰᠤ ᠪᠠᠷ ᠶᠠᠷᠢᠯᠴᠠᠪᠠ᠃ ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠵᠢᠴᠢ ᠬᠤᠶᠠᠷ ᠲᠠᠯ᠎ᠠ ᠶᠢᠨ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠦᠨᠡᠨᠴᠢ   ᠪᠠᠷ  ᠭᠦᠨᠵᠡᠭᠡᠢ ᠰᠣᠯᠢᠯᠴᠠᠪᠠ᠃     ᠰᠢ ᠶᠢᠨ ᠫᠢᠩ᠂ ᠨᠢᠳᠤᠨᠤᠨ ᠤ 11 ᠰᠠᠷ᠎ᠠ ᠳᠤ ᠪᠢ ᠶᠡᠷᠦᠩᠬᠡᠶᠢᠯᠡᠭᠴᠢ ᠠᠪᠤᠭᠠᠢ ᠲᠠᠢ ᠰᠠᠨ ᠹᠷᠠᠨᠰᠢᠰᠺᠦ ᠳᠤ ᠠᠭᠤᠯᠵᠠᠵᠤ ᠂ ᠢᠷᠡᠭᠡᠳᠦᠢ ᠳᠤ ᠬᠠᠨᠳᠤᠭᠰᠠᠨ ︽ᠰᠠᠨ ᠹᠷᠠᠨᠰᠢᠰᠺᠦ ᠶᠢᠨ ᠬᠦᠰᠡᠯ ᠪᠠᠷᠠᠯᠠᠯ︾ ᠢ ᠡᠬᠢᠯᠡᠭᠦᠯᠪᠡ᠃ ᠡᠨᠡ ᠬᠡᠳᠦᠨ ᠰᠠᠷ᠎ᠠ ᠳᠤ ᠬᠤᠶᠠᠷ ᠲᠠᠯ᠎ᠠ ᠶᠢᠨ ᠪᠦᠯᠭᠦᠮ ᠪᠢᠳᠠᠨ ᠤ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠲᠣᠭᠲᠠᠭᠤᠨ ᠪᠠᠶᠢᠳᠠᠯ ᠢᠯᠡᠷᠡᠵᠦ᠂ ᠬᠤᠶᠠᠷ ᠤᠯᠤᠰ ᠤᠨ ᠡᠯ᠎ᠡ ᠡᠲᠡᠭᠡᠳ ᠪᠣᠯᠣᠨ ᠳᠡᠯᠡᠬᠡᠢ ᠨᠡᠶᠢᠭᠡᠮ ᠤᠨ ᠬᠦᠷᠢᠶᠡᠯᠡᠯ ᠢ ᠣᠯᠪᠠ᠃ ᠨᠦᠭᠦᠭᠡ ᠲᠠᠯ᠎ᠠ ᠪᠠᠷ᠂ ᠬᠤᠶᠠᠷ ᠤᠯᠤᠰ ᠤᠨ ᠬᠠᠷᠢᠯᠴᠠᠭᠠᠨ ᠳᠠᠬᠢ ᠨᠠᠵᠠᠭᠠᠢ ᠬᠦᠴᠦᠨ ᠵᠦᠢᠯ ᠴᠦ ᠡᠳᠦᠢ ᠲᠡᠳᠦᠢ ᠨᠡᠮᠡᠭᠳᠡᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠴᠢᠬᠤᠯᠠᠴᠢᠯᠠᠨ ᠦᠵᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃     ᠰᠢ ᠶᠢᠨ ᠫᠢᠩ᠂ ᠪᠠᠶᠢᠯᠳᠤᠬᠤ ᠪᠣᠳᠣᠯᠭ᠎ᠠ ᠶᠢᠨ ᠲᠠᠨᠢᠯᠲᠠ ᠶᠢᠨ ᠠᠰᠠᠭᠤᠳᠠᠯ ᠪᠣᠯ ᠢᠮᠠᠭᠲᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠡᠷᠬᠡᠪᠰᠢ ᠰᠠᠶᠢᠲᠤᠷ ᠴᠢᠬᠤᠯᠠᠴᠢᠯᠠᠬᠤ ︽ᠠᠩᠬᠠᠨ ᠤ ᠠᠯᠬᠤᠮ︾ ᠪᠣᠯᠣᠨ᠎ᠠ᠃ ᠳᠤᠮᠳᠠᠳᠤ ᠠᠮᠧᠷᠢᠺᠠ ᠡᠶᠢᠮᠦ ᠬᠤᠶᠠᠷ ᠲᠣᠮᠣ ᠤᠯᠤᠰ ᠶᠠᠪᠤᠯᠴᠠᠬᠤ ᠦᠭᠡᠢ᠂ ᠬᠠᠷᠢᠯᠴᠠᠬᠤ ᠦᠭᠡᠢ ᠪᠠᠶᠢᠵᠤ ᠪᠤᠯᠬᠤ ᠦᠭᠡᠢ᠂ ᠨᠡᠩ ᠴᠤ ᠮᠥᠷᠭᠦᠯᠳᠦᠨ ᠡᠰᠡᠷᠭᠦᠴᠡᠯᠳᠦᠵᠦ ᠪᠤᠯᠬᠤ ᠦᠭᠡᠢ᠂ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠬᠠᠮᠲᠤᠷᠠᠯᠴᠠᠨ ᠬᠠᠮᠲᠤ ᠪᠠᠷ ᠠᠰᠢᠭ ᠬᠦᠷᠲᠡᠵᠦ᠂ ᠦᠷᠭᠦᠯᠵᠢᠯᠡᠨ ᠲᠣᠭᠲᠠᠭᠤᠨ᠂ ᠡᠷᠡᠭᠦᠯ᠂ ᠦᠷᠭᠦᠯᠵᠢᠯᠡᠬᠦ ᠵᠠᠮ ᠢᠶᠠᠷ ᠤᠷᠤᠭᠰᠢᠯᠠᠪᠠᠯ ᠵᠣᠬᠢᠨ᠎ᠠ᠂ ᠬᠠᠷᠢᠨ ᠥᠩᠭᠡᠷᠡᠭᠰᠡᠨ ᠤ ᠵᠠᠮ ᠢᠶᠠᠷ ᠢᠶᠠᠨ ᠵᠠᠮᠨᠠᠵᠤ ᠪᠤᠯᠬᠤ ᠦᠭᠡᠢ ᠭᠡᠵᠦ ᠴᠢᠬᠤᠯᠠᠴᠢᠯᠠᠪᠠ᠃     ᠰᠢ ᠶᠢᠨ ᠫᠢᠩ᠂ ᠡᠨᠡ ᠵᠢᠯ ᠳᠤᠮᠳᠠᠳᠤ ᠠᠮᠧᠷᠢᠺᠠ ᠶᠢᠨ ᠬᠠᠷᠢᠯᠴᠠᠭ᠎ᠠ ᠬᠡᠳᠦᠨ ᠶᠡᠭᠡ ᠵᠠᠷᠴᠢᠮ ᠢ ᠪᠠᠷᠢᠮᠲᠠᠯᠠᠬᠤ ᠬᠡᠷᠡᠭᠲᠡᠢ᠃ ᠨᠢᠭᠡ ᠳᠤ᠂ ᠨᠠᠶᠢᠷᠠᠮᠳᠠᠯ ᠢ ᠡᠷᠬᠢᠮᠯᠡᠵᠦ᠂ ᠮᠥᠷᠭᠦᠯᠳᠦᠬᠦ ᠦᠭᠡᠢ ᠡᠰᠡᠷᠭᠦᠴᠡᠯᠳᠦᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠠᠬᠢ ᠵᠥᠪ ᠲᠠᠯ᠎ᠠ ᠶᠢᠨ ᠵᠢᠱᠢᠯᠲᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠶ᠎ᠡ᠃ ᠬᠤᠶᠠᠷ ᠲᠤ᠂ ᠲᠣᠭᠲᠠᠭᠤᠨ ᠪᠠᠶᠢᠬᠤ ᠶᠢ ᠴᠢᠬᠤᠯᠠᠴᠢᠯᠠᠵᠤ᠂ ᠳᠡᠩᠰᠡᠯᠭᠡᠬᠦ ᠦᠭᠡᠢ᠂ ᠬᠡᠷᠡᠭ ᠥᠳᠥᠭᠡᠬᠦ ᠦᠭᠡᠢ᠂ ᠬᠠᠷᠢᠯᠴᠠᠨ ᠭᠠᠷ ᠲᠦᠷᠦᠭᠦ ᠦᠭᠡᠢ ᠪᠠᠶᠢᠵᠤ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠶ᠎ᠠ᠃ ᠭᠤᠷᠪᠠ ᠳᠤ᠂ ᠦᠨᠡᠨᠴᠢ ᠢᠲᠡᠭᠡᠮᠵᠢ ᠪᠠᠷ ᠦᠨᠳᠦᠰᠦ ᠪᠤᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠲᠤᠰ ᠲᠤᠰ ᠤᠨ ᠠᠮᠠᠯᠠᠯᠲᠠ ᠪᠠᠨ ᠪᠡᠶᠡᠯᠡᠭᠦᠯᠵᠦ᠂ ︽ᠰᠠᠨ ᠹᠷᠠᠨᠰᠢᠰᠺᠤ ᠶᠢᠨ ᠬᠦᠰᠡᠯ ᠪᠠᠷᠠᠯᠠᠯ︾ ᠢ ︽ᠪᠣᠳᠠᠲᠤ ᠠᠬᠤᠢ ᠪᠠᠶᠢᠳᠠᠯ︾ ᠪᠣᠯᠭᠠᠨ ᠬᠤᠪᠢᠷᠠᠭᠤᠯᠤᠶ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠭᠡᠯᠪᠡᠷᠢ ᠪᠠᠷ ᠶᠠᠷᠢᠯᠴᠠᠭ᠎ᠠ ᠪᠠᠨ ᠴᠢᠩᠭᠠᠳᠬᠠᠵᠤ᠂ ᠵᠥᠷᠢᠴᠡᠯ ᠢᠶᠠᠨ ᠪᠣᠯᠭᠤᠮᠵᠢᠲᠠᠢ ᠣᠪᠣᠷ ᠢᠶᠠᠷ ᠬᠠᠮᠢᠶᠠᠷᠤᠨ ᠡᠵᠡᠮᠳᠡᠵᠦ᠂ ᠬᠠᠷᠢᠯᠴᠠᠨ ᠠᠰᠢᠭᠲᠠᠢ ᠪᠠᠶᠢᠬᠤ ᠵᠣᠷᠢᠭ ᠰᠠᠨᠠᠭ᠎ᠠ ᠪᠠᠷ ᠬᠠᠮᠲᠤᠷᠠᠯᠴᠠᠭ᠎ᠠ ᠪᠠᠨ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠷ ᠤᠯᠠᠨ ᠤᠯᠤᠰ ᠤᠨ ᠵᠣᠬᠢᠴᠠᠭᠤᠯᠭ᠎ᠠ ᠶᠢ ᠴᠢᠩᠭᠠᠳᠬᠠᠶ᠎ᠠ ᠭᠡᠵᠦ ᠵᠢᠭᠠᠵᠤ ᠭᠠᠷᠭᠠᠵᠠᠢ᠃     ᠰᠢ ᠶᠢᠨ ᠫᠢᠩ᠂ ᠲᠠᠶᠢᠸᠠᠨ ᠤ ᠠᠰᠠᠭᠤᠳᠠᠯ ᠪᠣᠯ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠩ ᠲᠦᠷᠦᠭᠦᠨ ᠤ ᠳᠠᠪᠠᠵᠤ ᠪᠣᠯᠣᠰᠢ ᠦᠭᠡᠢ ᠤᠯᠠᠭᠠᠨ ᠱᠤᠭᠤᠮ ᠮᠥᠨ᠃ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠦᠴᠦᠨ ᠤ ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠳᠤᠷ᠎ᠠ ᠪᠠᠷ ᠨᠢ ᠲᠠᠯᠪᠢᠵᠤ ᠬᠠᠪᠰᠤᠷᠤᠨ ᠳᠡᠮᠵᠢᠬᠦ ᠠᠵᠢᠯᠯᠠᠭ᠎ᠠ ᠶᠢ ᠪᠢᠳᠡ ᠰᠣᠨᠣᠰᠤᠭᠠᠳ ᠯᠡ ᠥᠩᠭᠡᠷᠡᠭᠦᠯᠬᠦ ᠪᠢᠰᠢ ᠶᠤᠮ᠃ ᠠᠮᠧᠷᠢᠺᠠ ᠶᠢᠨ ᠬᠢᠨ ᠶᠡᠷᠦᠩᠬᠡᠶᠢᠯᠡᠭᠴᠢ ᠠᠪᠤᠭᠠᠢ ᠶᠢᠨ ︽ᠲᠠᠶᠢᠸᠠᠨ ᠤ ᠲᠤᠰᠠᠭᠠᠷ ᠲᠣᠭᠲᠠᠨᠢᠬᠤ︾ ᠶᠢ ᠦᠯᠦ ᠳᠡᠮᠵᠢᠬᠦ ᠢᠳᠡᠪᠬᠢᠲᠡᠢ ᠣᠪᠣᠷ ᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠠᠮᠧᠷᠢᠺᠠ ᠶᠢᠨ ᠳᠤᠮᠳᠠᠳᠤ ᠤᠯᠤᠰ ᠤᠨ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠴᠢᠭᠯᠡᠭᠦᠯᠦᠭᠰᠡᠨ ᠳᠠᠷᠤᠯᠲᠠ ᠦᠵᠡᠭᠦᠯᠭᠦ ᠠᠷᠭ᠎ᠠ ᠬᠡᠮᠵᠢᠶ᠎ᠡ ᠲᠠᠰᠤᠷᠠᠯᠲᠠ ᠦᠭᠡᠢ ᠭᠠᠷᠴᠤ ᠢᠷᠡᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠢ ᠵᠠᠯᠬᠠᠭᠠᠬᠤ ᠳᠠᠩᠰᠠ ᠶᠠᠪᠤᠬᠤ ᠲᠤᠲᠤᠮ ᠨᠡᠮᠡᠭᠳᠡᠵᠦ ᠪᠠᠶᠢᠨ᠎ᠠ᠃ ᠡᠨᠡ ᠨᠢ ︽ᠲᠦᠭᠰᠢᠭᠦᠷᠢ ᠶᠢ ᠠᠷᠢᠯᠭᠠᠬᠤ︾ ᠶᠠᠪᠤᠳᠠᠯ ᠪᠢᠰᠢ᠂ ᠬᠠᠷᠢᠨ ᠲᠦᠭᠰᠢᠭᠦᠷᠢ ᠶᠢ ᠪᠤᠢ ᠪᠤᠯᠭᠠᠬᠤ ᠶᠠᠪᠤᠳᠠᠯ ᠪᠣᠯᠣᠨ᠎ᠠ᠃ ᠬᠡᠷᠪᠡ ᠠᠮᠧᠷᠢᠺᠠ ᠶᠢᠨ ᠲᠠᠯ᠎ᠠ ᠶᠢᠨ ᠬᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠨᠢᠭᠦᠯᠵᠦ᠂ ᠳᠤᠮᠳᠠᠳᠤ ᠤᠯᠤᠰ ᠤᠨ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠡᠳ᠋ᠯᠡᠬᠦ ᠳᠤᠷᠠᠲᠠᠢ ᠪᠣᠯ᠂ ᠳᠤᠮᠳᠠᠳᠤ ᠶᠢᠨ ᠲᠠᠯ᠎ᠠ ᠶᠢᠨ  ᠬᠢᠨ ᠬᠡᠵᠢᠶᠡᠳᠡ ᠡᠭᠦᠳᠡ ᠪᠠᠨ ᠨᠡᠭᠡᠭᠡᠵᠦ ᠤᠬᠳᠤᠨ᠎ᠠ; ᠬᠡᠷᠪᠡ ᠠᠮᠧᠷᠢᠺᠠ ᠶᠢᠨ ᠲᠠᠯ᠎ᠠ ᠶᠢᠨ ᠬᠢᠨ ᠮᠤᠵᠢᠭᠤᠳᠠ ᠪᠠᠷ ᠳᠤᠮᠳᠠᠳᠤ ᠤᠯᠤᠰ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ ᠳᠠᠷᠤᠵᠤ᠂ ᠳᠤᠮᠳᠠᠳᠤ ᠤᠯᠤᠰ ᠤᠨ ᠵᠦᠢ ᠶᠣᠰᠣᠨ ᠤ ᠬᠥᠭᠵᠢᠯᠲᠡ ᠶᠢᠨ ᠡᠷᠬᠡ ᠶᠢ ᠦᠭᠡᠶᠢᠰᠭᠡᠭᠦ ᠳᠤ ᠭᠦᠷᠪᠡᠯ  ᠪᠢᠳᠡ ᠪᠠᠰᠠ ᠬᠠᠮᠢᠶᠠᠷᠬᠤ ᠦᠭᠡᠢ ᠰᠠᠭᠤᠬᠤ ᠪᠢᠰᠢ ᠭᠡᠵᠦ ᠴᠢᠬᠤᠯᠠᠴᠢᠯᠠᠪᠠ᠃     ᠰᠢ ᠶᠢᠨ ᠫᠢᠩ ᠰᠢᠶᠠᠩᠭᠠᠩ᠂ ᠬᠥᠮᠥᠨ ᠤ ᠡᠷᠬᠡ᠂ ᠡᠮᠦᠨᠡᠲᠦ ᠲᠠᠩᠭᠢᠰ ᠵᠡᠷᠭᠡ ᠳᠤ ᠬᠤᠯᠪᠣᠭᠳᠠᠭᠰᠠᠨ ᠠᠰᠠᠭᠤᠳᠠᠯ ᠤᠨ ᠲᠠᠯ᠎ᠠ ᠪᠠᠷ ᠬᠢ ᠳᠤᠮᠳᠠᠳᠤ ᠤᠯᠤᠰ ᠤᠨ ᠵᠣᠭᠰᠣᠯᠲᠠ ᠶᠢ ᠲᠣᠳᠣᠷᠬᠠᠶᠢᠯᠠᠨ ᠥᠭᠦᠯᠡᠪᠡ᠃     ᠪᠠᠶᠢᠳᠧᠨ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠭᠦᠨ ᠭᠦᠨᠵᠡᠭᠡᠢ ᠨᠥᠯᠥᠭᠡ ᠲᠠᠢ ᠬᠤᠶᠠᠷ ᠲᠠᠯ᠎ᠠ ᠶᠢᠨ ᠬᠠᠷᠢᠯᠴᠠᠭ᠎ᠠ ᠪᠣᠯᠣᠨ᠎ᠠ᠃ ᠰᠠᠨ ᠹᠷᠠᠨᠰᠢᠰᠺᠤ ᠶᠢᠨ ᠠᠭᠤᠯᠵᠠᠯᠲᠠ ᠠᠴᠠ ᠨᠠᠭᠠᠰᠢᠬᠢ ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠣᠯᠣᠭᠰᠠᠨ ᠠᠬᠢᠴᠠ ᠨᠢ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠢᠳᠡᠪᠬᠢᠲᠡᠢ ᠪᠠᠷ ᠠᠬᠢᠭᠤᠯᠬᠤ ᠶᠢᠨ ᠬᠠᠮᠲᠤ ᠬᠠᠷᠢᠭᠤᠴᠠᠬᠤ ᠣᠪᠣᠷ ᠢᠶᠠᠷ ᠵᠥᠷᠢᠯᠳᠦᠭᠡᠨ ᠢᠶᠠᠨ ᠬᠠᠮᠢᠶᠠᠷᠴᠤ ᠪᠤᠯᠬᠤ ᠶᠢ ᠬᠠᠷᠠᠭᠤᠯᠪᠠ᠃ ᠠᠮᠧᠷᠢᠺᠠ ᠶᠢᠨ ᠲᠠᠯ᠎ᠠ ᠶᠢᠨ ᠬᠢᠨ ︽ᠰᠢᠨ᠎ᠡ ᠬᠦᠢᠲᠡᠨ ᠳᠠᠶᠢᠨ︾ ᠢ ᠡᠷᠢᠯᠬᠢᠯᠡᠬᠦ ᠦᠭᠡᠢ᠂ ᠳᠤᠮᠳᠠᠳᠤ ᠤᠯᠤᠰ ᠤᠨ ᠪᠠᠶᠢᠭᠤᠯᠤᠯ ᠢ ᠥᠭᠡᠷᠡᠴᠢᠯᠡᠬᠦ ᠶᠢ ᠡᠷᠢᠯᠬᠢᠯᠡᠬᠦ ᠦᠭᠡᠢ᠂ ᠬᠤᠯᠪᠣᠭᠠᠨ ᠤ ᠬᠠᠷᠢᠯᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠶᠢ ᠡᠷᠢᠯᠬᠢᠯᠡᠬᠦ ᠦᠭᠡᠢ᠂ ︽ᠲᠠᠶᠢᠸᠠᠨ ᠤ ᠲᠤᠰᠠᠭᠠᠷ ᠲᠣᠭᠲᠠᠨᠢᠬᠤ︾ ᠶᠢ ᠳᠡᠮᠵᠢᠬᠦ ᠦᠭᠡᠢ᠂ ᠳᠤᠮᠳᠠᠳᠤ ᠤᠯᠤᠰ ᠲᠠᠢ ᠮᠥᠷᠭᠦᠯᠳᠦᠭᠡᠨ ᠡᠭᠦᠰᠬᠦ ᠪᠤᠳᠤᠯ ᠦᠭᠡᠢ ᠭᠡᠵᠦ ᠪᠢ ᠳᠠᠪᠲᠠᠨ ᠢᠯᠡᠷᠬᠡᠶᠢᠯᠡᠶ᠎ᠡ᠃ ᠠᠮᠧᠷᠢᠺᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠪᠠᠷᠢᠮᠲᠠᠯᠠᠨ᠎ᠠ᠃ ᠳᠤᠮᠳᠠᠳᠤ ᠤᠯᠤᠰ ᠤᠨ ᠬᠥᠭᠵᠢᠯᠲᠡ ᠳᠡᠯᠡᠬᠡᠢ ᠳ᠋ᠠᠬᠢᠨ ᠳᠤ ᠠᠰᠢᠭᠲᠠᠢ᠂ ᠠᠮᠧᠷᠢᠺᠠ ᠳᠤᠮᠳᠠᠳᠤ ᠤᠯᠤᠰ ᠤᠨ ᠬᠥᠭᠵᠢᠯᠲᠡ ᠶᠢ ᠬᠤᠷᠢᠭᠯᠠᠬᠤ ᠶᠢ ᠡᠷᠢᠯᠬᠢᠯᠡᠬᠦ ᠦᠭᠡᠢ᠂ ᠳᠤᠮᠳᠠᠳᠤ ᠤᠯᠤᠰ ᠲᠠᠢ ︽ᠬᠠᠷᠢᠯᠴᠠᠭ᠎ᠠ ᠪᠠᠨ ᠲᠠᠰᠤᠯᠬᠤ︾ ᠶᠢ ᠡᠷᠢᠯᠬᠢᠯᠡᠬᠦ ᠦᠭᠡᠢ᠃ ᠳᠤᠷᠠᠲᠠᠶ᠎ᠠ ᠡᠳ᠋ ᠤᠨ ᠵᠠᠰᠠᠭ ᠤᠨ ᠶᠠᠮᠤᠨ ᠤ ᠰᠠᠶᠢᠳ ᠶᠧᠯᠤᠨ᠂ ᠲᠦᠷᠦ ᠶᠢᠨ ᠶᠠᠪᠤᠳᠠᠯ ᠤᠨ ᠰᠠᠶᠢᠳ ᠪᠦᠯᠢᠨᠺᠧᠨ ᠢ ᠣᠶᠢᠷ᠎ᠠ ᠶᠢᠨ ᠬᠤᠭᠤᠴᠠᠭᠠᠨ ᠳᠤ ᠳᠤᠮᠳᠠᠳᠤ ᠤᠯᠤᠰ ᠲᠤ ᠠᠶᠢᠯᠴᠢᠯᠠᠬᠤ ᠪᠠᠷ ᠲᠣᠬᠢᠷᠠᠭᠤᠯᠵᠤ᠂ ᠳᠤᠮᠳᠠᠳᠤ ᠤᠯᠤᠰ ᠯᠤᠭ᠎ᠠ ᠶᠠᠷᠢᠯᠴᠠᠭ᠎ᠠ ᠣᠯᠣᠯᠴᠠᠭ᠎ᠠ ᠪᠠᠨ ᠴᠢᠩᠭᠠᠳᠬᠠᠵᠤ᠂ ᠪᠤᠷᠤᠭᠤ ᠮᠠᠭᠠᠳᠯᠠᠬᠤ ᠠᠴᠠ ᠵᠠᠶᠢᠯᠠᠰᠬᠢᠵᠦ᠂ ᠬᠠᠮᠲᠤᠷᠠᠯᠴᠠᠭ᠎ᠠ ᠪᠠᠨ ᠠᠬᠢᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠶᠢ ᠠᠬᠢᠭᠤᠯᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠨ᠎ᠠ ᠭᠡᠵᠦ ᠢᠯᠡᠳᠬᠡᠪᠡ᠃      ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ᠂ ᠰᠣᠯᠣᠩᠭᠤᠰ ᠬᠤᠶᠢᠭ ᠤᠨ ᠪᠠᠶᠢᠳᠠᠯ ᠵᠡᠷᠭᠡ ᠶᠢᠨ ᠲᠤᠬᠠᠢ ᠰᠠᠨᠠᠯ ᠢᠶᠠᠨ ᠰᠣᠯᠢᠯᠴᠠᠪᠠ᠃      ᠬᠤᠶᠠᠷ ᠤᠯᠤᠰ ᠤᠨ ᠲᠡᠷᠢᠭᠦᠨ᠂ ᠡᠨᠡ ᠤᠳᠠᠭ᠎ᠠ ᠶᠢᠨ ᠤᠲᠠᠰᠤ ᠪᠠᠷ ᠶᠠᠷᠢᠯᠴᠠᠭᠰᠠᠨ ᠨᠢ ᠦᠨᠡᠨᠴᠢ ᠪᠥᠭᠡᠳ ᠪᠦᠲᠦᠭᠡᠯᠴᠢ ᠴᠢᠨᠠᠷᠲᠠᠢ ᠭᠡᠵᠦ ᠦᠵᠡᠪᠡ᠃ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠪᠠᠨ ᠦᠷᠭᠦᠯᠵᠢᠯᠡᠨ ᠪᠠᠲᠤᠯᠠᠵᠤ᠂ ᠬᠤᠶᠠᠷ ᠲᠠᠯ᠎ᠠ ᠶᠢᠨ ᠠᠵᠢᠯᠯᠠᠬᠤ ᠳᠤᠭᠤᠶᠢᠯᠠᠩ ᠢᠶᠠᠷ ︽ᠰᠠᠨ ᠹᠷᠠᠨᠰᠢᠰᠺᠤ ᠶᠢᠨ ᠬᠦᠰᠡᠯ ᠪᠠᠷᠠᠯᠠᠯ︾ ᠢ ᠰᠠᠶᠢᠲᠤᠷ ᠨᠠᠶᠢᠳᠠᠪᠤᠷᠢᠵᠢᠭᠤᠯᠬᠤ ᠶᠢ ᠬᠠᠷᠢᠭᠤᠴᠠᠭᠤᠯᠵᠤ᠂ ᠭᠠᠳᠠᠭᠠᠳᠤ ᠬᠠᠷᠢᠯᠴᠠᠭ᠎ᠠ᠂ ᠠᠵᠤ ᠠᠬᠤᠢ᠂ ᠮᠥᠩᠭᠦᠨ ᠭᠦᠢᠯᠭᠡᠭᠡᠨ᠂ ᠬᠤᠳᠠᠯᠳᠤᠭᠠᠨ ᠤ ᠶᠠᠪᠤᠳᠠᠯ ᠵᠡᠷᠭᠡ ᠬᠦᠷᠢᠶ᠎ᠡ ᠴᠠᠷᠠᠭ᠎ᠠ ᠳᠠᠬᠢ ᠵᠥᠪᠳᠡᠯᠴᠡᠬᠦ ᠲᠣᠭᠲᠠᠴᠠ ᠵᠢᠴᠢ ᠬᠤᠶᠠᠷ ᠤᠯᠤᠰ ᠤᠨ ᠴᠡᠷᠢᠭ ᠤᠨ ᠣᠯᠣᠯᠴᠠᠭ᠎ᠠ ᠶᠢ ᠠᠬᠢᠭᠤᠯᠵᠤ᠂ ᠬᠤᠣᠷ ᠴᠠᠭᠠᠵᠠᠯᠠᠬᠤ᠂ ᠵᠣᠬᠢᠶᠠᠮᠠᠯ ᠤᠶᠤᠨ ᠴᠢᠳᠠᠪᠤᠷᠢ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶ᠎ᠡ ᠴᠠᠷᠠᠭ᠎ᠠ ᠳᠤ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠴᠢᠨᠠᠭᠰᠢᠳᠠ ᠠᠷᠭ᠎ᠠ ᠬᠡᠮᠵᠢᠶ᠎ᠡ ᠠᠪᠴᠤ ᠬᠤᠶᠠᠷ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠭᠡᠳᠬᠡᠵᠦ᠂ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠣᠯᠣᠯᠴᠠᠭ᠎ᠠ ᠪᠠᠨ ᠴᠢᠩᠭᠠᠳᠬᠠᠬᠤ ᠶᠢ ᠵᠥᠪᠰᠢᠶᠡᠷᠡᠪᠡ᠃ ᠳᠤᠮᠳᠠᠳᠤ ᠤᠯᠤᠰ ᠡᠳ᠋ ᠤᠨ ᠵᠠᠰᠠᠭ ᠤᠨ ᠶᠠᠮᠤᠨ ᠤ ᠰᠠᠶᠢᠳ ᠶᠧᠯᠤᠨ᠂ ᠲᠦᠷᠦ ᠶᠢᠨ ᠶᠠᠪᠤᠳᠠᠯ ᠤᠨ ᠰᠠᠶᠢᠳ ᠪᠦᠯᠢᠨᠺᠧᠨ ᠤ ᠣᠶᠢᠷ᠎ᠠ ᠶᠢᠨ ᠬᠤᠭᠤᠴᠠᠭᠠᠨ ᠳᠤ ᠳᠤᠮᠳᠠᠳᠤ ᠤᠯᠤᠰ ᠲᠤ ᠠᠶᠢᠯᠴᠢᠯᠠᠬᠤ ᠶᠢ ᠪᠠᠶᠠᠷᠯᠠᠨ ᠤᠭᠲᠤᠵᠤ ᠪᠠᠶᠢᠨ᠎ᠠ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号