ᠬᠤᠶᠢᠲᠤ ᠰᠢᠷ᠎ᠠ ᠵᠤᠤ ᠰᠢᠶᠠᠩ ︽5·1︾  ᠤ ᠪᠠᠶᠠᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠢ ᠵᠢᠭᠰᠠᠭᠠᠨ ᠪᠠᠶᠢᠴᠠᠭᠠᠵᠤ ᠪᠠᠶᠢᠷᠢᠯᠠᠭᠤᠯᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/4/30
     ᠬᠤᠶᠢᠲᠤ ᠰᠢᠷ᠎ᠠ ᠵᠤᠤ ᠰᠢᠶᠠᠩ ᠤᠨ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠪᠠ ᠬᠤᠷᠢᠭᠯᠠᠵᠤ᠂ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠠᠬᠢ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 29  ᠤ ᠦᠳᠡ ᠶᠢᠨ ᠡᠮᠦᠨ᠎ᠡ᠂ ᠬᠤᠶᠢᠲᠤ ᠰᠢᠷ᠎ᠠ ᠵᠤᠤ ᠰᠢᠶᠠᠩ ︽5·1︾  ᠤ ᠪᠠᠶᠠᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠢᠶᠠᠩ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠰᠢᠶᠠᠩ ᠤᠨ ᠳᠠᠷᠤᠭ᠎ᠠ ᠵᠤᠤ ᠨᠠᠨ ᠬᠤᠷᠠᠯ ᠢ ᠡᠷᠬᠢᠯᠡᠵᠦ᠂ ᠰᠢᠶᠠᠩ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠺᠠᠳ᠋ᠷ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃
C:\Users\bch\Desktop\5.06  补充\乡镇\4.30  乡镇  北什轴乡开展“五一”节前安全生产图1.png
     ᠬᠤᠷᠠᠯ ᠠᠴᠠ ᠳᠡᠭᠡᠳᠦ ᠱᠠᠲᠤᠨ ᠤ ᠠᠶᠤᠯᠭᠦᠢ ᠦᠢᠯᠡᠳᠪᠦᠷᠢᠯᠡᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠬᠠᠮᠢᠶ᠎ᠠ ᠪᠦᠬᠦᠢ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠶᠢᠲᠤ ᠰᠢᠷ᠎ᠠ ᠵᠤᠤ ᠰᠢᠶᠠᠩ ᠤᠨ︽5·1︾  ᠤ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠲᠠᠬᠢᠨ ᠲᠣᠬᠢᠷᠠᠭᠤᠯᠵᠤ᠂ ᠲᠠᠬᠢᠨ ᠪᠠᠶᠢᠷᠢᠯᠠᠭᠤᠯᠵᠠᠢ᠃ ᠬᠤᠷᠠᠯ ᠠᠴᠠ᠂︽5·1︾  ᠤ ᠠᠮᠠᠷᠠᠯᠲᠠ ᠶᠢᠨ ᠬᠤᠭᠤᠴᠠᠭ᠎ᠠ ᠪᠣᠯ ᠬᠥᠮᠥᠨ ᠠᠮᠠ ᠶᠢᠨ ᠤᠷᠤᠰᠬᠠᠯ ᠤᠨ ᠤᠷᠬᠢᠯ ᠤᠨ ᠬᠤᠭᠤᠴᠠᠭᠠᠨ ᠤ ᠣᠨᠴᠠᠭᠠᠢ ᠴᠠᠭ ᠬᠤᠭᠤᠴᠠᠭ᠎ᠠ ᠪᠣᠯᠣᠨ᠎ᠠ᠃ ᠪᠦᠬᠦ ᠬᠥᠳᠡᠭᠡ ᠲᠣᠰᠬᠤᠨ ᠢᠶᠠᠷ ᠢᠶᠠᠨ ᠪᠠᠶᠢᠳᠠᠯ ᠢ ᠲᠣᠳᠣᠷᠬᠠᠢ ᠲᠠᠨᠢᠵᠤ᠂ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠳᠠᠷᠠᠭᠠᠯᠠᠨ ᠪᠠᠶᠢᠴᠠᠭᠠᠵᠤ ᠤᠷᠢᠳᠴᠢᠯᠠᠨ ᠰᠡᠷᠭᠡᠶᠢᠯᠡᠬᠦ ᠠᠵᠢᠯ ᠢ ᠦᠨᠡᠨᠬᠦ ᠬᠠᠮᠤᠭ ᠤᠨ ᠲᠦᠷᠦᠭᠦᠨ ᠳᠤ ᠬᠢᠵᠦ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠪᠥᠭᠡᠳ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠤᠨ ᠳᠠᠷᠠᠭ᠎ᠠ᠂ ᠵᠣᠣ ᠨᠠᠨ ᠳᠡᠳ᠋ ᠰᠢᠶᠠᠩ ᠤᠨ ᠳᠠᠷᠤᠭ᠎ᠠ ᠰᠢᠶᠠᠩ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠺᠠᠳ᠋ᠷᠴᠤᠳ ᠢ ᠳᠠᠭᠠᠭᠤᠯᠤᠨ ᠪᠦᠬᠦ ᠰᠢᠶᠠᠩ ᠤᠨ ᠭᠤᠣᠯᠳᠠᠯᠭ᠎ᠠ  ᠲᠠᠢ ᠭᠠᠵᠠᠷ ᠣᠷᠣᠨ ᠳᠤ ᠠᠶᠤᠯ ᠦᠭᠡᠢ ᠦᠢᠯᠡᠳᠪᠦᠷᠢᠯᠡᠯ ᠤᠨ ᠰᠡᠷᠡᠮᠵᠢ ᠶᠢᠨ ᠫᠠᠶᠢᠰᠠ ᠨᠠᠭᠠᠵᠤ᠂ ᠲᠣᠰᠬᠤᠨ ᠳᠤ ᠪᠠᠭᠤᠵᠤ ᠨᠤᠷᠠᠬᠤ ᠠᠶᠤᠯᠲᠠᠢ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠶᠤᠯ ᠲᠠᠢ ᠭᠡᠷ ᠪᠠᠶᠢᠰᠢᠩ ᠳᠤ ᠴᠠᠭ ᠲᠤᠬᠠᠢ ᠳᠤᠨᠢ ᠰᠡᠷᠡᠮᠵᠢ ᠶᠢᠨ ᠲᠡᠮᠳᠡᠭ ᠲᠠᠯᠪᠢᠵᠤ᠂ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠳᠤ ᠰᠡᠷᠡᠮᠵᠢ ᠶᠢᠨ ᠲᠡᠮᠳᠡᠭ ᠡᠯᠭᠦᠵᠦ᠂ ᠶᠠᠪᠠᠭᠠᠨ ᠬᠥᠮᠥᠨ ᠳᠤ ᠠᠮᠤᠷ ᠲᠦᠪᠰᠢᠨ ᠢ ᠠᠩᠬᠠᠷᠤᠨ᠂ ᠠᠶᠤᠯᠲᠠᠢ ᠭᠡᠷ ᠪᠠᠶᠢᠰᠢᠩ ᠠᠴᠠ ᠵᠠᠶᠢᠳᠠᠭᠤ ᠪᠠᠶᠢᠵᠤ᠂ ᠠᠶᠤᠯᠲᠠᠢ ᠣᠷᠣᠨ ᠪᠦᠰᠡ ᠳᠤ ᠪᠢᠲᠡᠭᠡᠢ ᠣᠶᠢᠷᠠᠲᠤᠭᠠᠷᠠᠢ ᠭᠡᠵᠦ ᠰᠠᠨᠠᠭᠤᠯᠵᠤ᠂ ᠡᠭᠦᠨ ᠤ ᠤᠯᠠᠮ ᠠᠴᠠ ᠥᠷᠭᠡᠨ ᠤᠯᠠᠨ ᠲᠣᠰᠬᠤᠨ ᠤ ᠠᠷᠠᠳ ᠤᠨ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠮᠠᠨ ᠤ ᠰᠢᠶᠠᠩ ᠤᠨ ᠠᠮᠤᠷ ᠲᠦᠪᠰᠢᠨ ᠲᠣᠭᠲᠠᠭᠤᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠴᠢᠨᠠᠭᠰᠢᠳᠠ ᠪᠠᠬᠢᠵᠢᠭᠦᠯᠵᠦ᠂ ᠮᠠᠨ ᠤ ᠰᠢᠶᠠᠩ ᠤᠨ ᠰᠠᠭᠤᠭᠠᠯᠢ ᠠᠷᠠᠳ ᠤᠨ ᠠᠮᠤᠷ ᠠᠮᠤᠭᠤᠯᠠᠩ ᠥᠯᠵᠡᠢ ᠪᠡᠯᠭᠡ ᠲᠠᠢ︽5·1︾ ᠤ ᠠᠮᠠᠷᠠᠯᠲᠠ ᠶᠢ ᠥᠩᠭᠡᠷᠡᠭᠦᠯᠬᠦ ᠶᠢ ᠪᠠᠲᠤᠯᠠᠵᠠᠢ᠃  
 
ᠢᠷᠡᠯᠲᠡ᠄ ᠬᠤᠶᠢᠲᠤ ᠰᠢᠷ᠎ᠠ ᠵᠤᠤ ᠰᠢᠶᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号