ᠲᠦᠮᠡᠳ ᠵᠡᠭᠦᠨ ᠬᠤᠰᠢᠭᠤ᠄ ᠠᠮᠢ ᠠᠬᠤᠢ ᠶᠢᠨ ︽ᠬᠠᠮᠠᠭᠠᠯᠠᠯᠲᠠ ᠶᠢᠨ ᠲᠣᠣᠷ︾ ᠢ ᠨᠢᠭᠲᠠ ᠰᠦᠯᠵᠢᠵᠦ ᠨᠡᠭᠦᠳᠡᠯ ᠤᠨ ᠰᠢᠪᠠᠭᠤᠳ ᠤᠨ ︽ᠠᠮᠢ ᠨᠠᠰᠤᠨ ᠤ ᠱᠤᠭᠤᠮ︾ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/4/8
     ᠬᠠᠪᠤᠷ ᠤᠨ ᠤᠯᠠᠷᠢᠯ ᠪᠣᠯᠬᠤ ᠳᠤ ᠮᠥᠰᠥ ᠴᠠᠰᠤ ᠠᠩᠬ᠎ᠠ ᠬᠠᠶᠢᠯᠵᠤ᠂ ᠣᠶᠢᠷ᠎ᠠ ᠶᠢᠨ ᠡᠳᠦᠷ ᠤᠳ ᠲᠤ ᠲᠦᠮᠡᠳ ᠵᠡᠭᠦᠨ ᠬᠤᠰᠢᠭᠤᠨ ᠤ  ᠬᠠᠯᠢᠭᠤ ᠤᠰᠤᠨ ᠴᠥᠭᠦᠷᠥᠮ ᠤᠨ ᠪᠢᠲᠡᠭᠦᠮᠵᠢᠯᠡᠯ ᠢ ᠠᠭᠠᠵᠢᠮ ᠢᠶᠠᠷ ᠠᠯᠳᠠᠷᠠᠭᠠᠵᠤ᠂ ᠮᠠᠰᠢ ᠣᠯᠠᠨ ᠨᠡᠭᠦᠳᠡᠯ ᠤᠨ ᠰᠢᠪᠠᠭᠤᠳ ᠬᠠᠪᠤᠷ ᠤᠨ ᠴᠠᠭ ᠢ ᠳᠠᠭᠠᠵᠤ ᠢᠷᠡᠨ᠎ᠡ᠂ ᠡᠭᠦᠨ ᠳᠤ ᠴᠠᠭᠠᠨ ᠬᠤᠨ ᠭᠠᠯᠠᠭᠤ᠂ ᠬᠤᠨ ᠭᠠᠯᠠᠭᠤ᠂ ᠤᠯᠠᠭᠠᠨ ᠣᠯᠣᠰᠤ ᠨᠤᠭᠤᠰᠤ ᠵᠡᠷᠭᠡ ᠮᠠᠰᠢ ᠣᠯᠠᠨ ᠰᠢᠪᠠᠭᠤᠳ ᠢ ᠡᠷᠬᠢᠮᠨᠡᠨ ᠨᠠᠨᠳᠢᠩᠨᠠᠳᠠᠭ ᠪᠠᠶᠢᠨ᠎ᠠ᠃
C:\Users\bch\Desktop\4.08\3.24  旅游图1.jpg
     ︽ᠬᠤᠷᠳᠤᠨ ᠦᠵᠡ᠂ ᠲᠡᠳᠡᠭᠡᠷ ᠰᠦᠷᠦᠭ ᠨᠢ ᠴᠥᠮ ᠴᠠᠭᠠᠨ ᠬᠤᠨ ᠭᠠᠯᠠᠭᠤ ᠰᠢᠸ︕︾ ᠭᠡᠵᠦ 3 ᠰᠠᠷ᠎ᠠ ᠶᠢᠨ 22 ᠤᠨ ᠡᠳᠦᠷ᠂ ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠢᠳᠡᠭᠡᠨ ᠤ ᠵᠦᠢᠯ ᠡᠮ ᠤᠨ ᠵᠦᠢᠯ ᠬᠢᠭᠡᠳ ᠣᠷᠴᠢᠨ ᠲᠤᠭᠤᠷᠢᠨ ᠤ ᠶᠠᠯᠠᠲᠤ ᠬᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠳᠤᠷᠠᠨ ᠢᠶᠠᠷ ᠬᠤᠶᠢᠲᠤ ᠰᠢᠷᠠᠲᠠᠢ ᠵᠤᠤ ᠰᠢᠶᠠᠩ ᠤᠨ  ᠬᠠᠯᠢᠭᠤ ᠤᠰᠤᠨ ᠴᠥᠭᠦᠷᠥᠮ ᠤᠨ ᠬᠠᠰᠢᠯᠭ᠎ᠠ ᠶᠢᠨ ᠣᠷᠣᠢ ᠳᠤ ᠠᠮᠤᠷ ᠢ ᠬᠠᠮᠠᠭᠠᠯᠠᠬᠤ ᠪᠠᠶᠢᠴᠠᠭᠠᠯᠲᠠ ᠬᠢᠵᠦ ᠪᠠᠶᠢᠭ᠎ᠠ ᠨᠢ᠃
C:\Users\bch\Desktop\4.08\3.24  旅游图2.jpg
     ᠲᠣᠭᠤᠷᠢᠨ ᠬᠠᠮᠠᠭᠠᠯᠠᠬᠤ ᠶᠠᠪᠤᠴᠠ ᠳᠤ ᠬᠤᠯᠤᠰᠤ ᠰᠡᠬᠦᠶᠢᠵᠦ᠂ ᠤᠰᠤ ᠳᠣᠯᠭᠢᠶᠠᠯᠠᠨ ᠳᠣᠯᠭᠢᠶᠠᠯᠠᠵᠤ᠂ ᠤᠯᠠᠭᠠᠨ ᠣᠯᠣᠰᠤ ᠨᠤᠭᠤᠰᠤ᠂ ᠴᠠᠭᠠᠨ ᠬᠤᠨ ᠭᠠᠯᠠᠭᠤ ᠵᠡᠷᠭᠡ ᠨᠡᠭᠦᠳᠡᠯ ᠤᠨ ᠰᠢᠪᠠᠭᠤ ᠵᠠᠷᠢᠮ ᠳᠠᠭᠠᠨ ᠵᠢᠭᠦᠷ ᠢᠶᠠᠨ ᠳᠡᠯᠭᠡᠨ ᠥᠨᠳᠥᠷ ᠲᠤ ᠨᠢᠰᠴᠦ᠂ ᠵᠠᠷᠢᠮ ᠳᠠᠭᠠᠨ ᠤᠰᠤ ᠪᠠᠷ ᠢᠳᠡᠰᠢ ᠡᠷᠢᠵᠦ᠂ ᠬᠠᠶᠢᠯᠤᠭ᠎ᠠ ᠦᠭᠡᠢ ᠮᠥᠰᠥ ᠴᠠᠰᠤ ᠲᠠᠢ ᠥᠩᠭᠡ ᠢᠯᠭᠠᠷᠠᠨ᠂ ᠬᠠᠪᠤᠷ ᠤᠨ ᠡᠳᠦᠷ ᠤᠨ ᠠᠮᠢᠳᠤᠯᠢᠭ ᠰᠠᠶᠢᠬᠠᠨ ᠦᠵᠡᠮᠵᠢ ᠶᠢ ᠪᠦᠷᠢᠯᠳᠦᠭᠦᠯᠵᠦ᠂  ᠬᠠᠯᠢᠭᠤ ᠤᠰᠤᠨ ᠴᠥᠭᠦᠷᠥᠮ ᠳᠤ ᠬᠢᠵᠠᠭᠠᠯᠠᠰᠢ ᠦᠭᠡᠢ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃
C:\Users\bch\Desktop\4.08\3.24  旅游图3.jpg
     ᠣᠶᠢᠯᠠᠭᠠᠭᠰᠠᠨ ᠢᠶᠠᠷ᠂  ᠬᠠᠯᠢᠭᠤ ᠤᠰᠤᠨ ᠴᠥᠭᠦᠷᠥᠮ ᠤᠨ ᠭᠤᠣᠯ ᠪᠣᠯᠬᠤ ᠤᠰᠤᠨ ᠤ ᠡᠬᠢ ᠰᠤᠷᠪᠤᠯᠵᠢ ᠨᠢ ᠵᠢᠵᠢᠭ ᠬᠠᠷ᠎ᠠ ᠭᠤᠣᠯ ᠤᠨ ᠤᠰᠤ ᠪᠠᠶᠢᠵᠤ᠂ ᠰᠠᠪᠠ ᠭᠠᠵᠠᠷ ᠤᠨ ᠲᠠᠯᠠᠪᠠᠶ ᠨᠢ 44.3 ᠲᠡᠭᠰᠢ ᠳᠥᠷᠪᠡᠯᠵᠢᠨ ᠺᠢᠯᠣᠮᠧᠲᠷ᠂ ᠤᠰᠤᠯᠠᠯᠲᠠ ᠶᠢᠨ ᠶᠡᠷᠦᠩᠬᠡᠢ ᠲᠠᠯᠠᠪᠠᠶ ᠨᠢ 9 ᠲᠦᠮᠡᠨ ᠮᠦ ᠪᠠᠶᠢᠵᠤ᠂ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠵᠠᠮ ᠤᠨ ᠴᠢᠬᠤᠯᠠ ᠬᠠᠩᠭᠠᠯᠭ᠎ᠠ ᠶᠢᠨ ᠭᠠᠵᠠᠷ ᠪᠣᠯᠣᠨ᠎ᠠ᠃ 2018 ᠣᠨ  ᠠᠴᠠ ᠡᠬᠢᠯᠡᠨ᠂ ᠵᠢᠯ ᠪᠦᠷᠢ ᠳᠥᠷᠪᠡ ᠲᠠᠪᠤᠨ ᠮᠢᠩᠭᠠᠨ ᠤᠯᠠᠭᠠᠨ ᠣᠯᠣᠰᠤ ᠨᠤᠭᠤᠰᠤ ᠡᠮᠦᠨᠡᠰᠢ ᠨᠡᠭᠦᠬᠦ ᠪᠠᠨ ᠪᠣᠯᠢᠵᠤ᠂ ᠠᠳᠡ ᠥᠨᠢᠳᠡ ᠰᠠᠭᠤᠷᠢᠰᠢᠳᠠᠭ᠃ ᠣᠳᠣᠬᠠᠨ ᠳᠤ᠂ ᠬᠤᠲᠠ ᠶᠢᠨ ᠲᠣᠭᠤᠷᠢᠭ ᠠᠴᠠ 30 ᠺᠢᠯᠣᠮᠧᠲᠷ ᠵᠠᠶᠢᠲᠠᠢ ᠡᠨᠡ ᠬᠦ ᠲᠡᠯᠡᠶ ᠶᠢᠨ ᠤᠷᠤᠰᠬᠠᠯ ᠤᠨ ᠤᠰᠤᠨ ᠴᠥᠭᠦᠷᠥᠮ ᠤᠨ ᠵᠢᠯ ᠪᠦᠷᠢ ᠶᠢᠨ ᠬᠢᠯᠢ ᠪᠠᠷ ᠥᠩᠭᠡᠷᠡᠬᠦ ᠨᠡᠭᠦᠳᠡᠯ ᠤᠨ ᠰᠢᠪᠠᠭᠤ ᠴᠥᠮ ᠠᠷᠪᠠ ᠭᠠᠷᠤᠢ ᠵᠦᠢᠯ᠂ ᠬᠡᠳᠦᠨ ᠲᠦᠮᠡᠨ ᠨᠡᠭᠦᠳᠡᠯ ᠤᠨ ᠰᠢᠪᠠᠭᠤ ᠪᠠᠶᠢᠵᠤ᠂ ᠠᠳᠡᠬᠢ ᠨᠢ ᠨᠢᠭᠡᠨᠲᠡ ᠨᠡᠭᠦᠳᠡᠯ ᠤᠨ ᠰᠢᠪᠠᠭᠤ ᠶᠢᠨ ᠨᠡᠭᠦᠳᠡᠯᠯᠡᠬᠦ ᠵᠠᠮ ᠳᠠᠬᠢ ᠴᠢᠬᠤᠯᠠ ︽ᠳᠠᠮᠵᠢᠭᠤᠯᠬᠤ ᠭᠠᠵᠠᠷ︾ ᠪᠠ ︽ᠬᠠᠩᠭᠠᠯᠭ᠎ᠠ ᠶᠢᠨ ᠥᠷᠲᠡᠭᠡ︾ ᠪᠣᠯᠤᠭᠰᠠᠨ ᠪᠠᠶᠢᠨ᠎ᠠ᠃
C:\Users\bch\Desktop\4.08\3.24  旅游图4.jpg
     ᠣᠶᠢᠷ᠎ᠠ ᠶᠢᠨ ᠵᠢᠯ ᠳᠤ᠂ ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠠᠮᠢ ᠠᠬᠤᠢ ᠶᠢᠨ ᠴᠠᠭᠳᠠᠭᠠᠨ ᠤ ᠶᠠᠪᠤᠳᠠᠯ︾ ᠢ ᠭᠦᠨᠵᠡᠭᠡᠢ ᠬᠡᠷᠡᠭᠵᠢᠭᠦᠯᠵᠦ᠂ ᠣᠳᠣᠬᠠᠨ ᠤ ᠨᠡᠭᠦᠳᠡᠯ ᠤᠨ ᠰᠢᠪᠠᠭᠤ ᠶᠢᠨ ᠬᠠᠮᠠᠭᠠᠯᠠᠯᠲᠠ ᠶᠢᠨ ᠪᠠᠶᠢᠳᠠᠯ ᠢ ᠭᠦᠨᠵᠡᠭᠡᠢ ᠡᠵᠡᠮᠳᠡᠨ᠂ ︽ᠴᠣᠬᠢᠯᠲᠠ ᠥᠭᠬᠦ᠂ ᠰᠡᠷᠭᠡᠶᠢᠯᠡᠬᠦ᠂ ᠵᠠᠰᠠᠬᠤ᠂ ᠬᠠᠮᠠᠭᠠᠯᠠᠬᠤ ᠂ ᠤᠬᠠᠭᠤᠯᠬᠤ︾ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠲᠦᠮᠡᠳ ᠵᠡᠭᠦᠨ ᠬᠤᠰᠢᠭᠤᠨ ᠤ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠳᠤ ᠲᠦᠮᠡᠳ ᠵᠡᠭᠦᠨ ᠬᠤᠰᠢᠭᠤᠨ ᠤ ᠪᠦᠬᠦ ᠳᠣᠲᠣᠭᠠᠳᠤ ᠶᠢ ᠬᠠᠮᠠᠭᠠᠯᠠᠬᠤ ᠬᠦᠴᠦᠨ ᠢ ᠬᠠᠨᠳᠢᠪᠯᠡᠪᠠ᠃ 2023 ᠣᠨ  ᠠᠴᠠ ᠨᠠᠰᠢ᠂ ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠡᠶᠢᠲᠡ 13 ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠵᠠᠢ᠂ ᠡᠭᠦᠨ ᠳᠤ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ 4᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ 8᠂ ︽ᠭᠤᠷᠪᠠ ᠶᠢ ᠥᠮᠴᠢᠯᠡᠬᠦ︾ ᠬᠠᠮᠠᠭᠠᠯᠠᠯᠲᠠ ᠶᠢᠨ ᠠᠮᠢᠲᠠᠨ 1 ᠪᠣᠶ᠂ ᠡᠭᠦᠨ ᠳᠤ ᠬᠠᠷ᠎ᠠ ᠥᠷᠪᠢ᠂ ᠪᠡᠭᠡᠵᠢᠩ ᠤᠨ ᠪᠣᠷᠣᠭᠠᠨᠲᠤ ᠬᠠᠷᠢᠶᠠᠴᠠᠢ᠂ ᠰᠢᠷ᠎ᠠ ᠬᠤᠰᠢᠭᠤᠲᠤ ᠴᠠᠭᠠᠨ ᠳᠡᠭᠡᠯᠡᠢ ᠵᠡᠷᠭᠡ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠪᠠᠭᠲᠠᠨ᠎ᠠ᠃       ︽ᠳᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠷᠭᠦᠯᠵᠢᠯᠡᠨ ᠢᠳᠡᠪᠬᠢᠲᠡᠢ ᠦᠢᠯᠡᠳᠦᠯᠭᠡᠵᠢᠭᠦᠯᠵᠦ ᠂ ︿ᠺᠦᠨᠯᠦ᠋ᠨ﹀ ᠤ ᠲᠤᠰᠬᠠᠢ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠪᠠ ᠬᠠᠮᠠᠭᠠᠯᠠᠨ ᠤᠬᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ ᠂ ᠬᠡᠭᠡᠷ᠎ᠡ ᠶᠢᠨ ᠠᠮᠢᠲᠠᠨ ᠢ ᠬᠠᠮᠠᠭᠠᠯᠠᠵᠤ ᠠᠪᠤᠷᠠᠨ ᠲᠤᠰᠠᠯᠠᠬᠤ ᠪᠠ ᠤᠬᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠯᠠᠨ ᠲᠦᠮᠡᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ︾ ᠭᠡᠵᠡᠢ᠃ ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ  ᠢᠯᠡᠷᠬᠡᠶᠢᠯᠡᠭᠰᠡᠨ ᠪᠠᠶᠢᠨ᠎ᠠ ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号