ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠲᠦᠯᠬᠢᠨ ᠠᠬᠢᠭᠤᠯᠵᠤ    ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2024/5/10
    5 ᠰᠠᠷ᠎ᠠ ᠶᠢᠨ 7 ᠤ ᠡᠳᠦᠷ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠦᠷᠭᠦᠯᠵᠢᠯᠡᠨ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠪᠠᠶ ᠱᠢ ᠭᠸᠦ ᠬᠠᠮᠢᠶᠠᠷᠤᠯᠲᠠ ᠶᠢᠨ ᠥᠷᠲᠡᠭᠡ ᠶᠢᠨ ᠬᠠᠤᠯᠢ ᠬᠡᠷᠡᠭᠵᠢᠭᠦᠯᠬᠦ ᠠᠩᠭᠢ᠂ ᠪᠢᠴᠢᠭᠡᠴᠢ ᠪᠠᠯᠭᠠᠰᠤᠨ ᠤ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠲᠥᠪ ᠤᠨ ᠺᠠᠳ᠋ᠷ ᠬᠠᠮᠲᠤᠷᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯᠯᠠᠭ᠎ᠠ ᠥᠷᠨᠢᠭᠦᠯᠪᠡ᠃ ᠡᠯ᠎ᠡ ᠰᠠᠯᠠᠭ᠎ᠠ ᠮᠥᠴᠢᠷ ᠤᠳ ᠡᠮᠦᠨᠡᠬᠢ ᠬᠤᠭᠤᠴᠠᠭᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠪᠣᠳᠠᠲᠤ ᠪᠠᠶᠢᠳᠠᠯ ᠪᠣᠯᠤᠨ ᠲᠤᠷᠰᠢᠯᠭ᠎ᠠ ᠲᠠᠢ ᠤᠶᠠᠯᠳᠤᠭᠤᠯᠤᠨ᠂ ᠣᠶ ᠰᠢᠭᠤᠶ ᠶᠢ ᠲᠣᠭᠤᠷᠢᠨ ᠪᠠᠶᠢᠴᠠᠭᠠᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠰᠢᠮᠳᠠᠭᠤᠯᠤᠨ ᠪᠠᠶᠢᠴᠠᠭᠠᠬᠤ ᠳᠤᠮᠳᠠ ᠲᠣᠰ ᠲᠣᠰ ᠤᠨ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠨᠢᠭᠲᠠ ᠬᠠᠮᠵᠢᠯᠴᠠᠬᠤ ᠬᠡᠷᠡᠭᠲᠡᠶ᠃ ︽ᠲᠣᠭᠲᠠᠮᠠᠯ ᠬᠤᠭᠤᠴᠠᠭ᠎ᠠ ᠲᠣᠭᠲᠠᠮᠠᠯ ᠪᠤᠰᠤ ᠬᠤᠭᠤᠴᠠᠭ᠎ᠠ ᠲᠠᠢ︾ ᠰᠢᠮᠳᠠᠭᠤᠯᠤᠨ ᠪᠠᠶᠢᠴᠠᠭᠠᠬᠤ ᠬᠡᠯᠪᠡᠷᠢ ᠪᠠᠷ ᠳᠠᠮᠵᠢᠭᠤᠯᠤᠨ᠂ ᠬᠤᠯᠠᠭᠠᠶᠢᠯᠠᠨ ᠮᠠᠯᠵᠢᠬᠤ᠂ ᠰᠥᠨᠢ ᠪᠠᠷ ᠮᠠᠯᠵᠢᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠥᠨᠳᠥᠷ ᠳᠠᠷᠤᠯᠲᠠᠲᠤ ᠪᠠᠶᠢᠳᠠᠯ᠂ ᠬᠦᠴᠦᠲᠡᠶ ᠠᠷᠭ᠎ᠠ ᠬᠡᠮᠵᠢᠶ᠎ᠡ ᠪᠠᠷ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠪᠢᠴᠢᠭᠡᠴᠢ ᠪᠠᠯᠭᠠᠰᠤᠨ ᠤ ᠣᠶ ᠰᠢᠭᠤᠶ ᠡᠪᠡᠰᠦ ᠪᠡᠯᠴᠢᠭᠡᠷ ᠤᠨ ᠨᠣᠭᠤᠭᠠᠨ ᠬᠠᠯᠬᠠᠪᠴᠢ ᠶᠢ ᠪᠠᠲᠤ ᠴᠣᠭᠴᠠᠯᠠᠨ᠎ᠠ᠃ ᠲᠠᠷᠠᠬᠠᠢ ᠪᠣᠲᠠᠷᠬᠠᠢ ᠪᠠᠶᠢᠭ᠎ᠠ ᠮᠠᠯ ᠤᠨᠤᠭ᠎ᠠ ᠠᠭᠤᠯᠠᠨ ᠳᠤ ᠣᠷᠣᠬᠤ ᠬᠤᠭᠤᠴᠠᠭᠠᠨ ᠳᠤ ᠭᠤᠣᠯ ᠪᠣᠯᠬᠤ ᠵᠠᠮ ᠤᠨ ᠠᠭᠤᠯᠵᠠᠷ᠂ ᠬᠠᠰᠢᠬᠤ᠂ ᠭᠤᠤ ᠶᠢᠨ ᠠᠮᠠᠰᠠᠷ᠂ ᠭᠤᠣᠯ ᠤᠨ ᠵᠠᠮ ᠳᠤ ᠬᠠᠮᠢᠶᠠᠷᠤᠨ ᠪᠥᠭᠯᠡᠬᠦ ᠶᠢ ᠬᠡᠷᠡᠭᠵᠢᠭᠦᠯᠵᠦ᠂ 24 ᠴᠠᠭ ᠢᠶᠠᠷ ᠵᠢᠵᠢᠭᠦᠷᠯᠡᠨ ᠰᠠᠬᠢᠵᠤ᠂ ᠬᠤᠨᠢᠨ ᠰᠦᠷᠦᠭ ᠤᠨ ᠠᠭᠤᠯᠠᠨ ᠳᠤ ᠪᠤᠴᠠᠬᠤ ᠶᠢ ᠪᠦᠲᠦᠮᠵᠢᠲᠡᠢ ᠬᠤᠷᠢᠭᠯᠠᠪᠠ᠃ ᠬᠠᠮᠢᠶᠠᠷᠴᠤ ᠬᠠᠮᠠᠭᠠᠯᠠᠬᠤ ᠬᠦᠷᠢᠶ᠎ᠡ ᠬᠡᠪᠴᠢᠶ᠎ᠡ ᠶᠢᠨ ᠶᠣᠰᠣᠭᠠᠷ ᠬᠤᠪᠢᠶᠠᠷᠢᠯᠠᠵᠤ᠂ ᠬᠠᠷᠢᠭᠤᠴᠠᠯᠭ᠎ᠠ ᠶᠢ ᠥᠷᠲᠡᠭᠡᠨ ᠳᠤ ᠬᠦᠷᠦᠭᠦᠯᠵᠦ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠬᠡᠷᠡᠭᠲᠡᠶ᠃ 24 ᠴᠠᠭ ᠪᠦᠬᠦ ᠱᠤᠭᠤᠮ ᠢᠶᠠᠷ ᠲᠣᠭᠤᠷᠢᠨ ᠪᠠᠶᠢᠴᠠᠭᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠤᠯᠠᠭᠠᠶᠢᠯᠠᠨ ᠮᠠᠯᠵᠢᠬᠤ᠂ ᠮᠠᠯ ᠬᠠᠷᠢᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠠᠭ ᠲᠤᠬᠠᠶ ᠳᠤᠨᠢ ᠴᠢᠩᠭ᠎ᠠ ᠴᠣᠬᠢᠯᠲᠠ ᠥᠭᠪᠡ᠃    ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠮᠠᠨ ᠤ ᠪᠠᠯᠭᠠᠰᠤ ᠬᠡᠭᠡᠷ᠎ᠡ ᠶᠢᠨ ᠢᠮᠠᠭᠠᠨ ᠤ ᠰᠦᠷᠦᠭ ᠤᠨ ᠣᠯᠠᠨ ᠣᠷᠣᠬᠤ ᠶᠢ ᠠᠮᠵᠢᠯᠲᠠ ᠲᠠᠢ ᠪᠠᠷ ᠬᠤᠷᠢᠭᠯᠠᠵᠤ᠂ ᠣᠳᠣᠬᠠᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠶᠠᠭ ᠦᠷᠭᠦᠯᠵᠢᠯᠡᠨ ᠪᠦᠲᠦᠮᠵᠢᠲᠡᠶ ᠥᠷᠨᠢᠭᠦᠯᠵᠦ ᠪᠠᠶᠢᠨ᠎ᠠ᠃
 
ᠢᠷᠡᠯᠲᠡ᠄ ᠪᠢᠴᠢᠭᠡᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号