ᠡᠨᠡ ᠵᠢᠯ ᠠᠴᠠ ᠨᠠᠰᠢ᠂ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠭᠠᠳᠠᠭᠠᠳᠤ ᠣᠷᠴᠢᠨ ᠤ ᠡᠮᠦᠨ᠎ᠡ᠂ ᠪᠦᠬᠦ | ᠬᠤᠰᠢᠭᠤᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ | ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠤᠬᠢᠷᠠᠭᠤᠯᠤᠯᠳᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ | ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ | ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠣᠬᠢᠰᠲᠠᠢ ᠨᠡᠮᠡᠭᠳᠡᠯ ᠢ | ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ | ᠲᠣᠭᠲᠠᠭᠤᠨ ᠢᠶᠠᠷ ᠨᠡᠮᠡᠭᠳᠡᠵᠦ᠂ ᠬᠥᠭᠵᠢᠯᠲᠡ ᠶᠢᠨ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ | ᠳ᠋ᠦᠩ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠲᠦᠮᠡᠳ ᠵᠡᠭᠦᠨ ᠬᠤᠰᠢᠭᠤᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ 92.67 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠤᠪᠢᠷᠠᠭᠤᠯᠬᠤ | ᠥᠬᠡᠶ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠪᠥᠬᠦ ᠬᠤᠲᠠ ᠶᠢᠨ ᠵᠢᠷᠭᠤᠳᠤᠭᠠᠷ ᠲᠤ ᠵᠢᠭᠰᠠᠭᠠᠭᠳᠠᠪᠠ᠃ ᠠᠵᠤ ᠦᠢᠯᠡᠰ ᠢᠶᠠᠷ ᠬᠤᠪᠢᠶᠠᠵᠤ | ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 5.61 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ | ᠥᠷᠲᠡᠭ 54.04 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠪᠠᠷ | ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 33.02 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ | GDP ᠳᠤ ᠡᠵᠡᠯᠡᠬᠦ ᠬᠤᠪᠢ ᠶᠢᠨ ᠵᠢᠩ ᠲᠣᠰ ᠲᠣᠰ 6.1%᠂ 58.3%᠂ 35.6% ᠪᠠᠶᠢᠵᠤ᠂ ᠡᠭᠦᠨ ᠳᠤ | ᠭᠤᠷᠪᠠᠳᠤᠭᠠᠷ ᠠᠵᠤ ᠦᠢᠯᠡᠰ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2 ᠵᠠᠭᠤᠨ ᠤ ᠴᠡᠭ | ᠳᠡᠭᠡᠭᠰᠢᠯᠡᠵᠦ᠂ ᠠᠵᠤ ᠦᠢᠯᠡᠰ ᠤᠨ ᠪᠦᠲᠦᠴᠡ ᠨᠢ ᠦᠷᠭᠦᠯᠵᠢᠯᠡᠨ ᠰᠢᠯᠢᠳᠡᠭᠵᠢᠪᠡ᠃ | ᠨᠢᠭᠡ᠂ ᠲᠠᠷᠢᠶᠠᠯᠠᠩ ᠤᠨ ᠦᠢᠯᠡᠳᠪᠦᠷᠢᠯᠡᠯ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠵᠤ᠂ ᠮᠠᠯ ᠠᠵᠤ | ᠠᠬᠤᠶ ᠲᠣᠭᠲᠠᠭᠤᠨ ᠢᠶᠠᠷ ᠬᠥᠭᠵᠢᠪᠡ᠃ | ᠨᠢᠭᠡᠳᠦᠭᠡᠷ ᠤᠯᠠᠷᠢᠯ ᠳᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠡᠮᠬᠢ ᠵᠢᠷᠤᠮ ᠲᠠᠢ ᠶᠠᠪᠤᠭᠳᠠᠵᠤ᠂ ᠪᠥᠬᠦ | ᠬᠤᠰᠢᠭᠤᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠪᠡ᠃ ᠮᠠᠯ ᠠᠵᠤ ᠠᠬᠤᠶ ᠦᠷᠭᠦᠯᠵᠢᠯᠡᠨ ᠲᠣᠭᠲᠠᠭᠤᠨ ᠢᠶᠠᠷ | ᠬᠥᠭᠵᠢᠵᠦ᠂ ᠪᠥᠬᠦ ᠬᠤᠰᠢᠭᠤᠨ ᠤ ᠰᠠᠭᠠᠯᠢ ᠶᠢᠨ ᠦᠨᠢᠶ᠎ᠡ᠂ ᠬᠤᠨᠢᠨ ᠤ ᠲᠤᠭ᠎ᠠ 17.85 ᠲᠦᠮᠡ᠂ 68.55 | ᠲᠦᠮᠡ ᠳᠤ ᠬᠦᠷᠴᠦ᠂ ᠲᠣᠰ ᠲᠣᠰ 5.7%᠂ 6.1% ᠪᠠᠷ ᠨᠡᠮᠡᠭᠳᠡᠪᠡ᠃ ᠭᠠᠭ᠋ᠠᠶ᠂ ᠬᠡᠷ ᠤᠨ ᠵᠢᠭᠦᠷᠲᠡᠨ ᠤ | ᠲᠤᠭ᠎ᠠ 8.68 ᠲᠦᠮᠡ᠂ 79.05 ᠲᠦᠮᠡ ᠳᠤ ᠬᠦᠷᠴᠦ᠂ ᠲᠣᠰ ᠲᠣᠰ 7.2%᠂ 43.9% ᠪᠠᠷ ᠪᠠᠭᠤᠷᠠᠪᠠ᠃ | ᠨᠢᠭᠡᠳᠦᠭᠡᠷ ᠤᠯᠠᠷᠢᠯ ᠳᠤ᠂ ᠢᠳᠡᠰᠢᠨ ᠭᠠᠭ᠋ᠠᠶ᠂ ᠠᠯᠠᠰᠢᠨ ᠦᠬᠡᠷ᠂ ᠠᠯᠠᠰᠢᠨ ᠬᠤᠨᠢ᠂ ᠢᠳᠡᠰᠢᠨ ᠵᠢᠭᠦᠷᠲᠡᠨ ᠲᠣᠰ | ᠲᠣᠰ 2.54 ᠲᠦᠮᠡᠨ ᠲᠣᠯᠣᠭᠠᠢ᠂ 1.18 ᠲᠦᠮᠡᠨ ᠲᠣᠯᠣᠭᠠᠢ᠂ 6.20 ᠲᠦᠮᠡᠨ ᠲᠣᠯᠣᠭᠠᠢ ᠪᠠ 14.92 | ᠲᠦᠮᠡᠨ ᠲᠣᠯᠣᠭᠠᠢ ᠪᠣᠷᠣᠯᠠᠭᠤᠯᠵᠤ᠂ ᠲᠣᠰ ᠲᠣᠰ 30.2%᠂ 22.2%᠂ 28.5% ᠪᠠ 9.82% ᠢᠶᠠᠷ | ᠨᠡᠮᠡᠭᠳᠡᠪᠡ᠃ ᠭᠠᠭ᠋ᠠᠶ ᠶᠢᠨ ᠮᠢᠬ᠎ᠠ᠂ ᠦᠬᠡᠷ ᠤᠨ ᠮᠢᠬ᠎ᠠ᠂ ᠬᠤᠨᠢᠨ ᠮᠢᠬ᠎ᠠ᠂ ᠵᠢᠭᠦᠷᠲᠡᠨ ᠤ ᠮᠢᠬᠠᠨ ᠤ ᠭᠠᠷᠤᠯᠲᠠ ᠲᠣᠰ | ᠲᠣᠰ 29.5%᠂ 26.8%᠂ 28.5% ᠪᠠ 13.6% ᠪᠠᠷ ᠨᠡᠮᠡᠭᠳᠡᠵᠦ᠂ ᠦᠨᠢᠶᠡᠨ ᠰᠦ ᠶᠢᠨ ᠭᠠᠷᠤᠯᠲᠠ | ᠠᠳᠠᠯᠢ ᠬᠤᠭᠤᠴᠠᠭᠠᠨ ᠤ ᠬᠢ ᠠᠴᠠ 35.03% ᠪᠠᠷ ᠨᠡᠮᠡᠭᠳᠡᠪᠡ᠃ | ᠬᠤᠶᠠᠷ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠰᠦ ᠶᠢᠨ | ᠠᠵᠤ ᠦᠢᠯᠡᠰ ᠤᠨ ᠬᠡᠯᠬᠢᠶ᠎ᠡ ᠨᠢ ᠢᠯᠡᠷᠬᠡᠢ ᠪᠠᠶᠢᠨ᠎ᠠ᠃ | ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 5.7% ᠨᠡᠮᠡᠭᠳᠡᠵᠦ᠂ ᠡᠭᠦᠨ ᠳᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.0% ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠪᠥᠬᠦ ᠬᠤᠲᠠ ᠶᠢᠨ ᠳᠣᠯᠣᠳᠤᠭᠠᠷ ᠲᠤ ᠣᠷᠣᠪᠠ᠃ ᠬᠡᠪᠴᠢᠶᠡᠵᠢᠯ ᠠᠴᠠ ᠳᠡᠭᠡᠭᠰᠢᠬᠢ ᠠᠵᠤ | ᠦᠶ᠋ᠯᠡᠳᠪᠦᠷᠢ ᠶᠢᠨ ᠠᠵᠤ ᠠᠬᠤᠶᠢᠯᠠᠯ ᠤᠨ ᠦᠶ᠋ᠯᠡᠳᠬᠦᠨ ᠤ ᠶᠡᠷᠦᠩᠬᠡᠶ ᠥᠷᠲᠡᠭ ᠢ 74.4 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠦᠶ᠋ᠯᠡᠳᠬᠦᠨ ᠤ ᠥᠷᠲᠡᠭ ᠢ ᠠᠳᠠᠯᠢ ᠬᠤᠭᠤᠴᠠᠭᠠᠨ ᠤ ᠬᠢ ᠠᠴᠠ 4.8 % ᠪᠠᠷ ᠪᠠᠭᠤᠷᠠᠭᠤᠯᠪᠠ᠃ | ᠭᠤᠣᠯ ᠪᠣᠯᠬᠤ ᠲᠥᠷᠥᠯ ᠵᠦᠢᠯ ᠠᠴᠠ ᠦᠵᠡᠪᠡᠯ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 11.0% ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ | ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 4.0% ᠨᠡᠮᠡᠭᠳᠡᠪᠡ᠃ | ᠭᠤᠣᠯᠳᠠᠯᠭ᠎ᠠ ᠲᠠᠢ ᠠᠵᠤ ᠦᠢᠯᠡᠰ ᠠᠴᠠ ᠦᠵᠡᠪᠡᠯ᠄ ᠰᠦ ᠶᠢᠨ ᠦᠢᠯᠡᠰ ᠢᠶᠠᠷ ᠭᠤᠤᠯ ᠪᠣᠯᠭᠠᠭᠰᠠᠨ ᠪᠣᠬᠢᠷᠲᠤᠯ | ᠦᠭᠡᠢ ᠢᠳᠡᠭᠡᠨ ᠡᠳ᠋ᠰᠢᠭᠦᠯᠬᠦ ᠠᠵᠤ ᠦᠢᠯᠡᠰ 46.0 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠵᠦ᠂ ᠦᠢᠯᠡᠳᠬᠦᠨ ᠤ ᠥᠷᠲᠡᠭ ᠤᠨ | ᠨᠡᠮᠡᠭᠳᠡᠯ ᠤᠨ ᠬᠤᠷᠳᠤᠴᠠ ᠶᠢ 2.9 ᠵᠠᠭᠤᠨ ᠤ ᠨᠢᠭᠡᠴᠢ ᠳᠡᠭᠡᠭᠰᠢᠯᠡᠭᠦᠯᠪᠡ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ | ᠵᠢᠴᠢ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠦᠢᠯᠡᠳᠬᠦᠨ ᠤ ᠥᠷᠲᠡᠭ ᠢ 220. 0 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.1% ᠪᠠᠷ ᠪᠠᠭᠤᠷᠠᠵᠤ᠂ | ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 7.1 ᠵᠠᠭᠤᠨ ᠤ ᠨᠢᠭᠡᠴᠢ ᠪᠣᠯᠭᠠᠵᠤ᠃ ᠪᠤᠰᠤᠳ ᠠᠵᠤ | ᠦᠢᠯᠡᠰ ᠤᠨ ᠦᠢᠯᠡᠳᠬᠦᠨ ᠤ ᠥᠷᠲᠡᠭ ᠢ 6.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 7.1% ᠪᠠᠷ ᠪᠠᠭᠤᠷᠠᠵᠤ᠂ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ | 0.6 ᠵᠠᠭᠤᠨ ᠤ ᠨᠢᠭᠡᠴᠢ ᠪᠣᠯᠭᠠᠨ ᠳᠡᠭᠡᠭᠰᠢᠯᠡᠭᠦᠯᠪᠡ᠃ | ᠭᠤᠷᠪᠠ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠲᠣᠭᠲᠠᠭᠤᠨ ᠤ ᠳᠤᠮᠳᠠ ᠰᠠᠶᠢᠵᠢᠷᠠᠵᠤ᠂ ᠠᠵᠢᠯ | ᠲᠥᠷᠥᠯ ᠤᠨ ᠨᠡᠮᠡᠭᠳᠡᠯ ᠴᠢᠩᠭ᠎ᠠ | ᠨᠢᠭᠡᠳᠦᠭᠡᠷ ᠤᠯᠠᠷᠢᠯ ᠳᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠠᠴᠠ 5.6 | ᠨᠡᠮᠡᠭᠳᠡᠵᠡᠢ᠃ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠢ ᠲᠣᠭᠠᠴᠠᠭ᠎ᠠ ᠬᠢᠬᠦ ᠭᠤᠣᠯ ᠭᠦᠢᠴᠡᠳᠬᠡᠯ | ᠲᠤᠭ᠎ᠠ ᠠᠴᠠ ᠠᠪᠴᠤ ᠦᠵᠡᠪᠡᠯ᠂ ᠪᠥᠭᠡᠮ ᠢᠶᠠᠷ ᠬᠤᠳᠠᠯᠳᠤᠬᠤ ᠦᠢᠯᠡᠰ ᠤᠨ ᠲᠠᠸᠠᠷ ᠤᠨ ᠪᠣᠷᠣᠯᠠᠭᠤᠯᠤᠯᠲᠠ ᠶᠢᠨ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠵᠦ᠂ ᠵᠢᠵᠢᠭᠯᠡᠨ ᠬᠤᠳᠠᠯᠳᠤᠬᠤ ᠦᠢᠯᠡᠰ ᠤᠨ | ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 7.3% ᠪᠠᠷ ᠨᠡᠮᠡᠭᠳᠡᠵᠦ᠂ | ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 4.9% ᠪᠠᠷ | ᠨᠡᠮᠡᠭᠳᠡᠵᠦ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ | ᠣᠷᠣᠯᠭ᠎ᠠ ︵ᠪᠤᠷᠤᠭᠤᠳᠬᠤ ᠰᠠᠷ᠎ᠠ︶ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠵᠦ᠂ ᠡᠷᠡᠭᠦᠯ | ᠬᠠᠮᠠᠭᠠᠯᠠᠯ ᠪᠠ ᠨᠡᠶᠢᠭᠡᠮ ᠤᠨ ᠠᠵᠢᠯ ᠤᠨ ᠴᠠᠯᠢᠩ ᠤᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 5. | 9% ᠪᠠᠷ ᠨᠡᠮᠡᠭᠳᠡᠵᠦ᠂ ᠣᠯᠠᠨ ᠨᠡᠶᠢᠲᠡ ᠶᠢᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ ᠪᠠ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠴᠠᠯᠢᠩ ᠤᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠵᠦ᠂ | ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠭ᠎ᠠ ᠶᠢᠨ ᠲᠠᠯᠠᠪᠠᠶ ᠠᠳᠠᠯᠢ ᠬᠤᠭᠤᠴᠠᠭᠠᠨ ᠤ ᠬᠢ ᠠᠴᠠ 278% ᠪᠠᠷ | ᠨᠡᠮᠡᠭᠳᠡᠵᠦ᠂ ᠢᠨᠲ᠋ᠧᠷ ᠰᠦᠯᠵᠢᠶ᠎ᠡ ᠪᠠ ᠬᠠᠮᠢᠶ᠎ᠠ ᠪᠦᠬᠦᠢ ᠦᠢᠯᠡᠴᠢᠯᠡᠭᠡ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ | ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ︵ᠢᠴᠤᠳ ᠰᠠᠷ᠎ᠠ︶ ᠠᠳᠠᠯᠢ | ᠬᠤᠭᠤᠴᠠᠭᠠᠨ ᠤ ᠬᠢ ᠠᠴᠠ 47.6% ᠪᠠᠷ ᠨᠡᠮᠡᠭᠳᠡᠪᠡ᠃ | ᠳᠥᠷᠪᠡ᠂ ᠬᠡᠷᠡᠭᠯᠡᠭᠡᠨ ᠤ ᠵᠠᠬ᠎ᠠ ᠳᠡᠯᠭᠡᠭᠦᠷ ᠢᠯᠡᠳᠲᠡ ᠰᠡᠷᠭᠦᠵᠦ᠂ ᠣᠯᠠᠩᠬᠢ ᠲᠠᠸᠠᠷ ᠤᠨ ᠵᠢᠵᠢᠭᠯᠡᠨ | ᠬᠤᠳᠠᠯᠳᠤᠬᠤ ᠶᠠᠪᠤᠳᠠᠯ ᠦᠷᠭᠦᠯᠵᠢᠯᠡᠨ ᠨᠡᠮᠡᠭᠳᠡᠪᠡ᠃ | ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 10.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 8.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ | ᠬᠤᠶᠠᠳᠤᠭᠠᠷ ᠲᠤ ᠣᠷᠣᠪᠠ᠃ | ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤ ᠶᠢᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 8.9 ᠳ᠋ᠦᠩᠰᠢᠭᠤᠷ ᠲᠥᠭᠦᠷᠢᠭ᠂ ᠬᠥᠳᠡᠭᠡ ᠲᠣᠰᠬᠤᠨ ᠤ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 1.6 ᠳ᠋ᠦᠩᠰᠢᠭᠤᠷ ᠲᠥᠭᠦᠷᠢᠭ ᠃ ᠬᠡᠷᠡᠭᠯᠡᠭᠡᠨ ᠤ | ᠲᠥᠷᠥᠯ ᠬᠡᠯᠪᠡᠷᠢ ᠪᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 9.6 ᠳ᠋ᠦᠩᠰᠢᠭᠤᠷ | ᠲᠥᠭᠦᠷᠢᠭ᠂ ᠢᠳᠡᠭᠡᠨ ᠤᠮᠳᠠᠭᠠᠨ ᠤ ᠣᠷᠣᠯᠭ᠎ᠠ 0.9 ᠳ᠋ᠦᠩᠰᠢᠭᠤᠷ ᠲᠥᠭᠦᠷᠢᠭ ᠪᠣᠯᠣᠨ᠎ᠠ᠃ ᠡᠭᠦᠨ ᠳᠤ᠂ ᠪᠣᠳᠠᠲᠤ | ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠬᠡᠮᠵᠢᠶ᠎ᠡ 5.1 ᠳ᠋ᠦᠩᠰᠢᠭᠤᠷ ᠲᠥᠭᠦᠷᠢᠭ ᠲᠤ ᠬᠦᠷᠴᠦ | ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ 48.6% ᠶᠢ | ᠡᠵᠡᠯᠡᠪᠡ᠃ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠵᠢᠵᠢᠭᠯᠡᠨ | ᠬᠤᠳᠠᠯᠳᠤᠭᠰᠠᠨ ᠲᠤᠭ᠎ᠠ 6.33 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 68. | 7% ᠪᠠᠷ ᠨᠡᠮᠡᠭᠳᠡᠪᠡ᠂ ᠡᠭᠦᠨ ᠳᠤ ᠠᠮᠤ ᠪᠤᠳᠠᠭ᠎ᠠ ᠲᠣᠰᠣ ᠢᠳᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠲᠤᠭ᠎ᠠ ᠠᠳᠠᠯᠢ ᠬᠤᠭᠤᠴᠠᠭᠠᠨ ᠤ ᠬᠢ ᠠᠴᠠ 78.4% ᠪᠠᠷ ᠨᠡᠮᠡᠭᠳᠡᠵᠦ᠂ ᠮᠠᠰᠢᠨ ᠲᠡᠷᠭᠡᠨ ᠤ ᠲᠥᠷᠥᠯ ᠤᠨ | ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 165.5% ᠪᠠᠷ ᠨᠡᠮᠡᠭᠳᠡᠵᠦ᠂ ᠧᠦ᠋ᠷᠣᠫᠠ | ᠡᠮ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 346.6% ᠪᠠᠷ | ᠨᠡᠮᠡᠭᠳᠡᠪᠡ᠃ ᠢᠳᠡᠭᠡᠨ ᠤᠮᠳᠠᠭᠠᠨ ᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ᠃ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ | ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 56.3% ᠪᠠᠷ ᠪᠠᠭᠤᠷᠠᠪᠠ᠃ | ᠪᠤᠰᠤᠳ ᠠᠮᠢᠳᠤᠷᠠᠯ ᠤᠨ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃ | ᠲᠠᠪᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠠᠮᠳᠠᠵᠤ᠂ | ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠨᠡᠯᠢᠶᠡᠳ ᠶᠡᠭᠡ ᠪᠣᠯᠪᠠ᠃ | ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠡᠭᠰᠢᠬᠡᠨ | ᠪᠣᠯᠵᠣ᠂ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠪᠡ᠃ | ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 13. | 9% ᠶᠢ ᠡᠵᠡᠯᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 55.7% ᠶᠢ ᠡᠵᠡᠯᠡᠵᠦ᠂ | ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 30.4% ᠶᠢ ᠡᠵᠡᠯᠡᠵᠦ᠂ ᠬᠤᠶᠠᠳᠤᠭᠠᠷ ᠠᠵᠤ | ᠦᠢᠯᠡᠰ ᠤᠨ ᠪᠡᠯᠡ ᠣᠷᠣᠭᠤᠯᠤᠯᠲᠠ ᠦᠷᠭᠦᠯᠵᠢᠯᠡᠨ ᠪᠦᠬᠦ ᠬᠤᠰᠢᠭᠤᠨ ᠳᠤ ᠲᠡᠷᠢᠭᠦᠯᠡᠪᠡ᠃ | ᠣᠷᠣᠨ ᠪᠦᠰᠡ ᠬᠤᠪᠢᠶᠠᠨ ᠦᠵᠡᠪᠡᠯ᠂ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ | ᠬᠥᠨᠳᠡᠢ ᠶᠢᠨ ᠲᠥᠷᠥᠯ ᠵᠦᠢᠯ ᠤᠨ ᠶᠡᠬᠡᠩᠬᠢ ᠬᠡᠰᠡᠭ ᠠᠰᠢᠭᠯᠠᠯᠲᠠ ᠳᠤ ᠣᠷᠣᠵᠤ᠂ ᠪᠡᠶᠡᠯᠡᠭᠦᠯᠦᠭᠰᠡᠨ ᠪᠡᠯᠡ | ᠣᠷᠣᠭᠤᠯᠤᠯᠲᠠ ᠨᠢ ᠪᠥᠬᠦ ᠬᠤᠰᠢᠭᠤᠨ ᠤ ᠶᠡᠷᠦᠩᠬᠡᠢ ᠪᠡᠯᠡ ᠣᠷᠣᠭᠤᠯᠤᠯᠲᠠ ᠶᠢᠨ ᠲᠤᠭ᠎ᠠ ᠶᠢᠨ 43.5% ᠶᠢ | ᠡᠵᠡᠯᠡᠵᠦ᠂ ᠪᠤᠰᠤᠳ ᠣᠷᠣᠨ ᠪᠦᠰᠡ ᠶᠢᠨ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠪᠥᠬᠦ | ᠬᠤᠰᠢᠭᠤᠨ ᠤ ᠶᠡᠷᠦᠩᠬᠡᠢ ᠪᠡᠯᠡ ᠣᠷᠣᠭᠤᠯᠤᠯᠲᠠ ᠶᠢᠨ 56.5% ᠶᠢ ᠡᠵᠡᠯᠡᠪᠡ᠃ | ᠵᠢᠷᠭᠤᠭ᠎ᠠ᠂ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠤᠲᠠ ᠬᠥᠳᠡᠭᠡ ᠶᠢᠨ | ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ᠃ | ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 9113 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6. | 2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠥᠷᠪᠡᠳᠦᠭᠡᠷ ᠲᠤ ᠣᠷᠣᠪᠠ᠃ | ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 12992 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.0% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ | ᠵᠢᠷᠭᠤᠳᠤᠭᠠᠷ ᠲᠤ ᠵᠢᠭᠰᠠᠭᠠᠭᠳᠠᠪᠠ᠃ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 7594 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6. | 9% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠭᠤᠷᠪᠠᠳᠤᠭᠠᠷ ᠲᠤ ᠵᠢᠭᠰᠠᠭᠠᠭᠳᠠᠵᠤ᠂ | ᠬᠤᠲᠠ ᠬᠥᠳᠡᠭᠡ ᠶᠢᠨ ᠣᠷᠣᠯᠭ᠎ᠠ ᠶᠢᠨ ᠳᠠᠬᠢᠨ ᠠᠴᠠ 1.71 ᠪᠣᠯᠵᠣ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 0.03 ᠪᠠᠭᠠᠰᠴᠠᠶ᠃ | ᠳᠣᠯᠤᠭ᠎ᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠣᠭᠲᠠᠭᠤᠨ ᠢᠶᠠᠷ ᠨᠡᠮᠡᠭᠳᠡᠵᠦ᠂ ᠮᠥᠩᠭᠦᠨ | ᠭᠦᠢᠯᠭᠡᠭᠡᠨ ᠤ ᠬᠠᠳᠠᠭᠠᠯᠠᠮᠵᠢ ᠪᠠ ᠵᠢᠭᠡᠯᠡᠯᠭᠡ ᠶᠢᠨ ᠡᠷᠭᠢᠯᠲᠡ ᠲᠣᠭᠲᠠᠭᠤᠨ ᠢᠶᠠᠷ ᠶᠠᠪᠤᠭᠳᠠᠪᠠ | ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 6. | 3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.08% ᠪᠠᠷ ᠨᠡᠮᠡᠭᠳᠡᠨ᠂ | ᠦᠯᠡᠳᠡᠨ ᠪᠤᠴᠠᠭᠠᠬᠤ ᠬᠦᠴᠦᠨ ᠵᠦᠢᠯ ᠢ ᠬᠠᠰᠤᠵᠤ ᠭᠠᠷᠭᠠᠭᠰᠠᠨ ᠤ ᠳᠠᠷᠠᠭ᠎ᠠ ᠠᠳᠠᠯᠢ ᠬᠤᠭᠤᠴᠠᠭᠠᠨ ᠤ ᠬᠢ ᠠᠴᠠ 6. | 97% ᠪᠠᠷ ᠨᠡᠮᠡᠭᠳᠡᠪᠡ᠃ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ 5.1 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠭᠠᠶᠢᠯᠢ ᠶᠢᠨ ᠪᠤᠰᠤ ᠣᠷᠣᠯᠭ᠎ᠠ 1.2 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ | ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 11.7 ᠳ᠋ᠦᠩᠰᠢᠭᠤᠷ | ᠲᠥᠭᠦᠷᠢᠭ ᠲᠤ ᠬᠦᠷᠴᠦ᠂ ᠭᠤᠤᠯᠳᠠᠯᠭ᠎ᠠ ᠲᠠᠢ ᠵᠠᠷᠤᠯᠭ᠎ᠠ ᠶᠢᠨ ᠲᠥᠷᠥᠯ ᠵᠦᠢᠯ ᠤᠨ ᠳᠣᠲᠣᠷ᠎ᠠ᠂ ᠰᠤᠷᠭᠠᠨ | ᠬᠥᠮᠦᠵᠢᠯ ᠤᠨ ᠵᠠᠷᠤᠯᠭ᠎ᠠ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ ᠪᠠ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠠᠷᠤᠯᠭ᠎ᠠ ᠲᠣᠰ ᠲᠣᠰ 9.73%᠂ 14.64% ᠪᠠ 74.62% ᠢᠶᠠᠷ ᠨᠡᠮᠡᠭᠳᠡᠪᠡ᠃ | ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠣᠰ ᠪᠡᠶ᠎ᠡ ᠶᠢᠨ | ᠭᠠᠳᠠᠭᠠᠳᠤ ᠵᠣᠭᠤᠰ ᠤᠨ ᠬᠠᠳᠠᠭᠠᠯᠠᠮᠵᠢ ᠶᠢᠨ ᠦᠯᠡᠳᠡᠪᠦᠷᠢ 174.11 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 13.11% ᠪᠠᠷ ᠨᠡᠮᠡᠭᠳᠡᠨ᠂ ᠳᠡᠭᠡᠷ᠎ᠡ ᠵᠢᠯ ᠤᠨ ᠰᠡᠭᠦᠯᠴᠢ ᠶᠢᠨ ᠬᠢ ᠠᠴᠠ 1. | 22 ᠵᠠᠭᠤᠨ ᠤ ᠴᠡᠭ ᠳᠡᠭᠡᠭᠰᠢᠯᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠰ ᠪᠡᠶ᠎ᠡ ᠶᠢᠨ ᠪᠠ | ᠭᠠᠳᠠᠭᠠᠳᠤ ᠶᠢᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 135.68 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 2.57% ᠪᠠᠷ ᠨᠡᠮᠡᠭᠳᠡᠨ᠂ ᠳᠡᠭᠡᠷ᠎ᠡ ᠵᠢᠯ ᠤᠨ ᠰᠡᠭᠦᠯᠴᠢ ᠶᠢᠨ ᠬᠢ ᠠᠴᠠ 59. | 62 ᠵᠠᠭᠤᠨ ᠤ ᠨᠢᠭᠡᠴᠢ ᠪᠠᠭᠤᠷᠠᠪᠠ᠃ | ᠶᠡᠷᠦᠩᠬᠡᠶ ᠳᠤᠨᠢ ᠠᠪᠴᠤ ᠦᠵᠡᠪᠡᠯ᠂ ᠨᠢᠭᠡᠳᠦᠭᠡᠷ ᠤᠯᠠᠷᠢᠯ ᠳᠤ ᠪᠥᠬᠦ ᠬᠤᠰᠢᠭᠤᠨ ᠤ ᠠᠵᠤ ᠠᠬᠤᠶ | ᠦᠨᠳᠦᠰᠦᠨ ᠳᠡᠭᠡᠨ ᠲᠣᠭᠲᠠᠭᠤᠨ ᠢᠶᠠᠷ ᠡᠬᠢᠯᠡᠵᠦ᠂ ᠪᠥᠬᠦ ᠵᠢᠯ ᠤᠨ ᠠᠵᠤ ᠠᠬᠤᠶ ᠶᠢᠨ ᠬᠠᠷᠠᠯᠲᠠ ᠡᠭᠦᠷᠭᠡ ᠶᠢ | ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠭᠡᠪᠡᠴᠦ ᠡᠭᠦᠨ ᠤ ᠬᠠᠮᠲᠤ ᠪᠠᠰᠠ ᠭᠠᠳᠠᠭᠠᠳᠤ | ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠠᠲᠠᠭᠤ ᠴᠢᠩᠭ᠎ᠠ ᠴᠢᠨᠠᠷ᠂ ᠲᠣᠭᠲᠠᠭᠠᠯᠲᠤ ᠪᠤᠰᠤ ᠴᠢᠨᠠᠷ | ᠳᠡᠭᠡᠭᠰᠢᠯᠡᠵᠦ᠂ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠥᠷᠢᠰᠥᠯᠳᠦᠭᠡᠨ | ᠨᠡᠮᠡᠭᠳᠡᠵᠦ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠲᠠᠷᠠᠭᠠᠴᠢ ᠶᠢᠨ ᠠᠯᠬᠤᠮ ᠳᠤ᠂ ᠪᠥᠬᠦ ᠬᠤᠰᠢᠭᠤᠨ ᠤ ᠳᠡᠭᠡᠳᠦ | ᠳᠣᠤᠷᠠᠳᠤ ᠱᠠᠲᠤᠨ ᠤ ᠬᠢᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ | ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠪᠥᠬᠦ ᠵᠢᠯ ᠤᠨ ᠬᠥᠭᠵᠢᠯᠲᠡ ᠶᠢᠨ ᠬᠠᠷᠠᠯᠲᠠ ᠶᠢ | ᠭᠤᠶᠢᠪᠢᠰᠢ ᠥᠬᠡᠶ ᠪᠠᠷᠢᠮᠲᠠᠯᠠᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠶ | ᠪᠤᠶᠢᠵᠢᠭᠤᠯᠤᠨ ᠬᠥᠭᠵᠢᠭᠦᠯᠵᠦ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠤᠨ᠂ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠦᠨᠡᠨ ᠬᠦ ᠴᠢᠩᠭᠠᠳᠬᠠᠵᠤ᠂ ᠠᠵᠤ ᠠᠬᠤᠶ ᠶᠢᠨ | ᠲᠣᠭᠲᠠᠭᠤᠨ ᠢᠶᠠᠷ ᠰᠠᠶᠢᠵᠢᠷᠠᠬᠤ ᠰᠠᠭᠤᠷᠢ ᠶᠢ ᠦᠷᠭᠦᠯᠵᠢᠯᠡᠨ ᠪᠠᠬᠢᠵᠢᠭᠦᠯᠦᠨ ᠴᠢᠩᠭᠠᠳᠬᠠᠵᠤ᠂ ᠠᠵᠤ ᠠᠬᠤᠶ ᠶᠢᠨ | ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶᠡᠨ ᠤ ᠵᠦᠶ ᠵᠣᠬᠢᠰᠲᠠᠶ ᠨᠡᠮᠡᠭᠳᠡᠯ ᠢ ᠪᠡᠶᠡᠯᠡᠭᠦᠯᠬᠦ ᠶᠢ | ᠠᠬᠢᠭᠤᠯᠤᠨ᠎ᠠ᠃ |