ᠰᠢ ᠹᠧᠩ ᠱᠠᠩ ᠵᠢᠤᠢ ᠨᠡᠶᠢᠭᠡᠮ ᠲᠣᠭᠤᠷᠢᠭ᠄ ᠨᠠᠰᠤᠵᠢᠯ ᠤᠨ ᠠᠰᠠᠷᠠᠮᠵᠢ ᠶᠢᠨ ᠭᠡᠷᠡᠴᠢᠯᠡᠯ ᠢ ︽  ᠭᠡᠷ ᠲᠤ  ᠨᠢ ᠬᠦᠷᠭᠡᠵᠦ︾᠂ ᠬᠠᠯᠠᠭᠤᠨ ᠳᠤᠯᠠᠭᠠᠨ ᠤᠶᠢᠯᠡᠴᠢᠯᠡᠭᠡ ᠪᠠᠷ ︽ᠰᠡᠳᠬᠢᠯ ᠤᠨ ᠡᠭᠦᠳᠡ ᠶᠢ ᠨᠢ ᠲᠣᠭᠰᠢᠬᠤ︾
ᠨᠡᠶᠢᠲᠡᠯᠡᠭᠰᠡᠨ ᠴᠠᠭ᠄
2024/5/15
   2024 ᠣᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠤᠨ ᠬᠢᠷᠢ ᠬᠡᠮ ᠢ ᠭᠡᠷᠡᠴᠢᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠭᠥᠷᠳᠡᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠢ ᠹᠧᠩ ᠱᠠᠩ ᠵᠢᠤᠢ ᠨᠡᠶᠢᠭᠡᠮ ᠲᠣᠭᠤᠷᠢᠭ ᠤᠨ ᠬᠢᠨ ᠬᠠᠷᠢᠶᠠᠲᠤ ᠣᠷᠣᠨ ᠤ ᠪᠠᠨ ᠬᠥᠳᠡᠯᠵᠦ ᠪᠠᠷᠢᠬᠤ ᠳᠤ ᠳᠥᠭᠦᠮ ᠦᠭᠡᠢ᠂ ᠭᠠᠭᠴᠠᠭᠠᠷ ᠰᠠᠭᠤᠵᠤ᠂ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠢᠷᠢ ᠬᠡᠮ ᠢ ᠭᠡᠷᠡᠴᠢᠯᠡᠬᠦ ᠬᠠᠪᠰᠤᠷᠤᠨ ᠭᠦᠢᠴᠡᠳᠬᠡᠬᠦ ᠠᠵᠢᠯᠯᠠᠭ᠎ᠠ ᠥᠷᠨᠢᠭᠦᠯᠪᠡ᠃  ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯᠲᠠᠳ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠶᠠᠳᠠᠭᠤ ᠬᠦᠴᠢᠷᠳᠡᠯᠲᠡᠶ ᠡᠷᠦᠬᠡ ᠪᠣᠯᠤᠨ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠳ ᠢ ᠰᠤᠷᠪᠤᠯᠵᠢᠯᠠᠵᠤ᠂ ᠲᠡᠳᠡᠨ ᠢ ᠬᠠᠪᠰᠤᠷᠤᠨ ᠭᠠᠷ ᠤᠲᠠᠰᠤᠨ ᠳᠡᠭᠡᠷ᠎ᠡ ︽ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠬᠥᠮᠦᠨ ᠤ ᠵᠢᠰᠦ ᠪᠠᠷ ᠭᠡᠷᠡᠴᠢᠯᠡᠬᠦ︾ ᠶᠢ ᠢᠯᠭᠠᠨ ᠲᠠᠨᠢᠭᠤᠯᠵᠤ᠂ ︽ᠥᠲᠡᠯᠪᠡᠯ ᠬᠦᠷᠳᠡᠬᠦ ᠠᠰᠠᠷᠠᠮᠵᠢ ᠲᠠᠢ︾ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢᠨ ᠬᠠᠮᠲᠤ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ︽ᠵᠠᠢ ᠵᠠᠪᠰᠠᠷ ᠦᠭᠡᠢ︾ ᠪᠣᠯᠭᠠᠬᠤ ᠶᠢ ᠪᠡᠶᠡᠯᠡᠭᠦᠯᠵᠦ ᠂ ᠨᠡᠶᠢᠭᠡᠮ ᠲᠣᠭᠤᠷᠢᠭ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯᠳᠠᠨ ᠦᠨᠡᠨ ᠬᠦ ᠰᠡᠳᠬᠢᠯ ᠵᠢᠷᠦᠬᠡ ᠪᠠᠨ ᠬᠤᠯᠪᠣᠵᠤ᠂ ᠤᠯᠠᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠰᠢ ᠹᠧᠩ ᠱᠠᠩ ᠵᠢᠤᠢ ᠨᠡᠶᠢᠭᠡᠮ ᠲᠣᠭᠤᠷᠢᠭ ︽ᠬᠠᠪᠰᠤᠷᠤᠨ ᠡᠷᠭᠢᠯᠡᠵᠦ ᠣᠷᠣᠯᠠᠨ  ᠭᠦᠢᠴᠡᠳᠭᠡᠭᠦ︾  ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯ ᠤᠨ ᠲᠤᠷᠰᠢᠯᠭ᠎ᠠ ᠪᠠᠨ ᠳ᠋ᠦᠩᠨᠡᠨ᠂ ᠰᠣᠯᠢᠯᠴᠠᠭ᠎ᠠ ᠰᠤᠷᠤᠯᠴᠠᠯᠭ᠎ᠠ ᠪᠠᠨ ᠴᠢᠩᠭᠠᠳᠬᠠᠵᠤ᠂ ᠣᠯᠠᠨ ᠲᠦᠮᠡᠨ ᠳᠤ  ᠦᠢᠯᠡᠴᠢᠯᠡᠬᠦ ᠪᠠᠷ ᠦᠨᠳᠦᠰᠦ ᠪᠣᠯᠭᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠬᠠᠷᠠᠯᠲᠠ ᠪᠣᠯᠭᠠᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠨᠡᠮᠡᠭᠳᠡᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠲᠦᠮᠡᠨ ᠳᠤ ᠨᠠᠩ ᠴᠢᠨᠠᠷ ᠰᠠᠶᠢᠲᠠᠶ᠂ ᠨᠠᠩ ᠥᠨᠳᠥᠷ ᠪᠦᠲᠦᠮᠵᠢᠲᠡᠶ ︽ᠬᠠᠪᠰᠤᠷᠤᠨ ᠭᠦᠶ᠋ᠴᠡᠳᠬᠡᠵᠦ ᠣᠷᠣᠯᠠᠨ ᠭᠦᠶ᠋ᠴᠡᠳᠬᠡᠬᠦ︾ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号