ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ 2024 ᠣᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠤᠭᠰᠠᠨ ᠪᠠᠶᠢᠳᠠᠯ ᠤᠨ ᠵᠠᠷᠯᠠᠯ
ᠨᠡᠶᠢᠲᠡᠯᠡᠭᠰᠡᠨ ᠴᠠᠭ᠄
2024/5/15
    ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠤᠲᠠ ᠪᠠᠯᠭᠠᠰᠤᠨ ᠤ ᠴᠢᠳᠠᠮᠵᠢ ᠶᠢ ᠲᠡᠭᠦᠯᠳᠡᠷᠵᠢᠭᠦᠯᠦᠨ᠂ ᠬᠤᠲᠠ ᠪᠠᠯᠭᠠᠰᠤᠨ ᠤ ᠦᠷᠭᠦᠯᠵᠢᠯᠡᠬᠦ ᠪᠠ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠦᠨᠡᠨ ᠬᠦ ᠨᠡᠮᠡᠭᠳᠡᠭᠦᠯᠬᠦ ᠶᠢᠨ ᠲᠥᠯᠥᠭᠡ᠃ ᠳᠡᠭᠡᠳᠦ ᠱᠠᠲᠤᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 2024 ᠣᠨ ᠤ ᠬᠤᠲᠠ ᠪᠠᠯᠭᠠᠰᠤᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠡᠭᠦᠷᠭᠡ ᠪᠠ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠬᠠᠭᠤᠴᠢᠨ ᠬᠤᠷᠢᠶᠠᠯᠠᠯ ᠢ ᠪᠥᠲᠥᠭᠡᠨ ᠪᠠᠶᠢᠭᠤᠯᠬᠤ ᠬᠤᠭᠤᠴᠠᠭ᠎ᠠ᠂ ᠡᠪᠳᠡᠭᠳᠡᠭᠰᠡᠨ ᠬᠡᠮᠵᠢᠶ᠎ᠡ ᠶᠣᠰᠣᠭᠠᠷ ᠵᠢᠯ ᠬᠤᠪᠢᠶᠠᠨ ᠥᠭᠡᠷᠡᠴᠢᠯᠡᠨ ᠪᠠᠶᠢᠭᠤᠯᠤᠨ᠎ᠠ᠃ ᠤᠳᠤ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ 2024 ᠣᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠤᠭᠰᠠᠨ ᠪᠠᠶᠢᠳᠠᠯ ᠢ ᠳᠣᠣᠷᠠᠬᠢ ᠮᠡᠲᠦ ᠨᠡᠶᠢᠲᠡᠯᠡᠪᠡ᠄    ᠨᠢᠭᠡ᠂ ᠦᠨᠳᠦᠰᠦᠨ ᠪᠠᠶᠢᠳᠠᠯ ᠪᠣᠯᠤᠨ ᠥᠭᠡᠷᠡᠴᠢᠯᠡᠨ ᠪᠠᠶᠢᠭᠤᠯᠬᠤ ᠠᠭᠤᠯᠭ᠎ᠠ    ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤ 18 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ᠂ ᠡᠷᠦᠬᠡ ᠶᠢᠨ ᠲᠤᠭ᠎ᠠ 1656 ᠡᠷᠦᠬᠡ ᠳᠤ ᠬᠤᠯᠪᠣᠭᠳᠠᠵᠤ᠂ ᠥᠭᠡᠷᠡᠴᠢᠯᠡᠨ ᠰᠠᠶᠢᠵᠢᠷᠠᠭᠤᠯᠤᠭᠰᠠᠨ ᠲᠠᠯᠠᠪᠠᠶ 19.37 ᠲᠦᠮᠡᠨ ᠲᠡᠭᠰᠢ ᠳᠥᠷᠪᠡᠯᠵᠢᠨ ᠮᠧᠲᠷ᠂ ᠥᠭᠡᠷᠡᠴᠢᠯᠡᠨ ᠰᠠᠶᠢᠵᠢᠷᠠᠭᠤᠯᠤᠭᠰᠠᠨ ᠲᠥᠰᠦᠪ ᠤᠨ ᠮᠥᠩᠭᠦ 12466.57 ᠲᠦᠮᠡᠨ ᠲᠥᠭᠦᠷᠢᠭ ᠲᠤ ᠬᠦᠷᠴᠡᠶ᠃    ᠲᠥᠷᠥᠯ ᠵᠦᠢᠯ ᠢ ᠰᠠᠭᠤᠷᠢ ᠪᠠ ᠡᠨᠧᠷᠭᠢ ᠠᠷᠪᠢᠯᠠᠬᠤ ᠬᠤᠶᠠᠷ ᠬᠡᠰᠡᠭ ᠲᠤ ᠥᠭᠡᠷᠡᠴᠢᠯᠡᠨ᠎ᠡ᠃ ᠰᠠᠭᠤᠷᠢ ᠬᠡᠰᠡᠭ ᠢ ᠭᠤᠤᠯᠳᠠᠭᠤ ᠥᠭᠡᠷᠡᠴᠢᠯᠡᠬᠦ ᠠᠭᠤᠯᠭ᠎ᠠ ᠪᠣᠯ᠄ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ ᠲᠣᠤᠷ᠂ ᠢᠯᠴᠢ ᠬᠠᠩᠭᠠᠬᠤ ᠬᠤᠭᠤᠯᠠᠶ ᠶᠢᠨ ᠲᠣᠤᠷ᠂ ᠬᠤᠶᠠᠳᠠᠬᠢ ᠤᠳᠠᠭ᠎ᠠ ᠤᠰᠤ ᠬᠠᠩᠭᠠᠬᠤ᠂ ᠬᠦᠷᠢᠶᠡᠨ ᠤ ᠨᠣᠭᠤᠭᠠᠷᠠᠭᠤᠯᠵᠤ ᠬᠠᠲᠠᠭᠤᠷᠠᠭᠤᠯᠬᠤ᠂ ᠵᠠᠮ ᠢ ᠥᠭᠡᠷᠡᠴᠢᠯᠡᠬᠦ᠂ ᠴᠠᠬᠢᠯᠭᠠᠨ ᠢ ᠬᠦᠴᠦᠷᠬᠡᠭᠵᠢᠭᠦᠯᠦᠨ ᠭᠠᠵᠠᠷ ᠲᠤ ᠣᠷᠣᠭᠤᠯᠬᠤ᠂ ᠵᠢᠵᠢᠭ ᠲᠣᠭᠤᠷᠢᠭ ᠤᠨ ᠶᠡᠭᠡ ᠡᠭᠦᠳᠡ ᠶᠢ ᠥᠭᠡᠷᠡᠴᠢᠯᠡᠬᠦ᠂ ᠳᠤᠭᠤᠶ ᠲᠡᠷᠭᠡᠨ ᠤ ᠰᠠᠷᠠᠪᠴᠢ ᠶᠢ ᠥᠭᠡᠷᠡᠴᠢᠯᠡᠬᠦ ᠵᠡᠷᠭᠡ ᠪᠣᠯᠤᠨ᠎ᠠ᠃ ᠡᠨᠧᠷᠭᠢ ᠠᠷᠪᠢᠯᠠᠬᠤ ᠬᠡᠰᠡᠭ ᠢ ᠭᠤᠤᠯᠳᠠᠭᠤ ᠥᠭᠡᠷᠡᠴᠢᠯᠡᠬᠦ ᠠᠭᠤᠯᠭ᠎ᠠ ᠨᠢ᠄ ᠴᠣᠩᠬᠤ ᠪᠠᠨ ᠰᠣᠯᠢᠬᠤ᠂ ᠭᠠᠳᠠᠷ ᠬᠡᠷᠡᠮ ᠤᠨ ᠳᠤᠯᠠᠭᠠᠨ ᠢ ᠪᠠᠲᠤᠯᠠᠬᠤ᠂ ᠭᠠᠳᠠᠷ ᠬᠡᠷᠡᠮ  ᠢ ᠰᠢᠷᠳᠡᠬᠦ᠂ ᠭᠡᠷ ᠤᠨ ᠭᠠᠳᠠᠷᠭᠤ ᠶᠢᠨ ᠪᠠᠷᠢᠯᠭ᠎ᠠ᠂ ᠠᠰᠠᠷ ᠤᠨ ᠬᠠᠭᠠᠯᠭ᠎ᠠ ᠶᠢᠨ ᠡᠭᠦᠳᠡ ᠶᠢ ᠰᠣᠯᠢᠬᠤ ᠵᠡᠷᠭᠡ ᠪᠣᠯᠤᠨ᠎ᠠ᠃    ᠬᠤᠶᠠᠷ᠂ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ  ᠨᠥᠬᠦᠷᠯᠡᠯ ᠬᠡᠷ ᠣᠷᠣᠨ᠂ ᠶᠤᠸᠠᠨ ᠳ᠋ᠢᠩ ᠵᠢᠵᠢᠭ ᠲᠣᠭᠤᠷᠢᠭ᠂ ᠪᠸᠢ ᠴᠧᠩ ᠯᠢᠶᠠᠨ ᠵᠢᠵᠢᠭ ᠲᠣᠭᠤᠷᠢᠭ᠂ ᠵᠢᠦ ᠵᠧᠤ ᠬᠤᠸᠠ ᠶᠤᠸᠠᠨ ᠲᠣᠭᠤᠷᠢᠭ᠂ ᠮᠠ ᠶᠦᠩ ᠵᠢᠶᠦ᠋ᠨ ᠲᠣᠭᠤᠷᠢᠭ᠂ ᠹᠦ᠋ ᠺᠠᠩ ᠳ᠋ᠦᠩ ᠲᠣᠭᠤᠷᠢᠭ ᠤᠨ ᠵᠢᠵᠢᠭ ᠲᠣᠭᠤᠷᠢᠭ᠂ ᠰᠢᠨᠬᠤᠸᠠ ᠨᠣᠮ ᠤᠨ ᠳᠡᠯᠭᠡᠭᠦᠷ ᠤᠨ ᠵᠢᠵᠢᠭ ᠲᠣᠭᠤᠷᠢᠭ᠂  ᠢᠲᠡᠭᠡᠮᠵᠢ ᠶᠢᠨ ᠬᠤᠷᠰᠢᠶ᠎ᠠ ᠶᠢᠨ ᠣᠷᠣᠨ ᠰᠠᠭᠤᠴᠠ ᠶᠢᠨ ᠠᠰᠠᠷ ᠤᠨ ᠵᠢᠵᠢᠭ ᠲᠣᠭᠤᠷᠢᠭ᠂ ᠴᠡᠯᠡᠭᠡᠷ ᠲᠠᠯ᠎ᠠ ᠬᠡᠷ ᠣᠷᠣᠨ᠂ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠶᠢᠨ ᠪᠠᠶᠢᠷᠢ᠂ ᠺᠠᠩ ᠯᠧ ᠵᠢᠵᠢᠭ ᠲᠣᠭᠤᠷᠢᠭ᠂ ᠬᠤᠰᠢᠭᠤᠨ ᠤ ᠡᠮᠨᠡᠯᠭᠡ ᠶᠢᠨ ᠬᠤᠷᠢᠶᠠᠨ ᠤ ᠬᠠᠭᠤᠴᠢᠨ ᠪᠠᠶᠢᠷᠢ ᠶᠢᠨ ᠠᠰᠠᠷ᠂ ᠬᠦᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠵᠢᠨ‌‍ᠲ᠋ᠣᠪᠴᠢᠶ᠎ᠠ ᠶᠢᠨ ᠵᠢᠵᠢᠭ ᠲᠣᠭᠤᠷᠢᠭ᠂ ᠬᠢᠨᠠᠨ ᠪᠤᠳᠤᠬᠤ ᠲᠣᠪᠴᠢᠶ᠎ᠠ ᠶᠢᠨ ᠵᠢᠵᠢᠭ ᠲᠣᠭᠤᠷᠢᠭ᠂ ᠭᠠᠵᠠᠷ ᠰᠢᠷᠣᠶ ᠶᠢᠨ ᠲᠣᠪᠴᠢᠶ᠎ᠠ ᠶᠢᠨ ᠣᠷᠣᠨ ᠰᠠᠭᠤᠴᠠ ᠶᠢᠨ ᠲᠣᠭᠤᠷᠢᠭ᠂ ᠴᠠᠩ ᠬᠤᠩ ᠵᠢᠵᠢᠭ ᠲᠣᠭᠤᠷᠢᠭ᠂ ᠵᠢᠶ ᠰᠢᠶᠠᠩ ᠵᠢᠵᠢᠭ ᠲᠣᠭᠤᠷᠢᠭ᠂ ᠴᠠᠩ ᠵᠢᠶ ᠪᠠᠭ᠎ᠠ ᠲᠣᠭᠤᠷᠢᠭ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠬᠤᠷᠢᠶ᠎ᠠ ᠵᠢᠵᠢᠭ ᠲᠣᠭᠤᠷᠢᠭ ᠵᠡᠷᠭᠡ ᠪᠠᠭᠳᠠᠨ᠎ᠠ᠃    ᠭᠤᠷᠪᠠ᠂ ᠥᠭᠡᠷᠡᠴᠢᠯᠡᠬᠦ ᠴᠠᠭ    2024 ᠣᠨ ᠤ 4 ᠰᠠᠷ᠎ᠠ ᠶᠢᠨ 25 ᠤ ᠡᠳᠦᠷ ᠠᠵᠢᠯ ᠡᠬᠢᠯᠡᠭᠦᠯᠵᠦ᠂ 2024 ᠣᠨ ᠤ 11 ᠰᠠᠷ᠎ᠠ ᠶᠢᠨ 30 ᠤ ᠡᠳᠦᠷ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃               ᠴᠠᠭᠠᠰᠤᠴᠢ ᠪᠠᠯᠭᠠᠰᠤᠨ ᠤ ᠠᠷᠠᠳ ᠶᠢᠨ ᠵᠠᠰᠠᠭ ᠤᠨ ᠣᠷᠳᠣᠨ                              2024 ᠣᠨ ᠤ 5 ᠰᠠᠷ᠎ᠠ ᠶᠢᠨ 15 ᠤ ᠡᠳᠦᠷ
 
ᠢᠷᠡᠯᠲᠡ᠄ ᠴᠠᠭᠠᠰᠤᠴᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号