ᠦᠰᠦᠭ ᠢᠶᠠᠷ ᠦᠬᠦᠯᠡᠬᠦᠢ᠄ ︽ᠲᠦᠮᠡᠳ ᠵᠡᠭᠦᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠠᠶᠢᠷᠢᠰᠢᠯ ᠤᠨ ᠲᠦᠯᠦᠪᠵᠢᠬᠦᠯᠬᠡ ︵2024 - 2025 ᠣᠨ︶︾
ᠨᠡᠶᠢᠲᠡᠯᠡᠭᠰᠡᠨ ᠴᠠᠭ᠄
2024/5/15
    ᠨᠢᠭᠡ᠂ ᠨᠡᠶᠢᠲᠡᠯᠡᠭᠰᠡᠨ ᠠᠬᠤᠶ ᠪᠠᠶᠢᠳᠠᠯ    ᠣᠶᠢᠷ᠎ᠠ ᠶᠢᠨ ᠵᠢᠯ ᠤᠨ ᠲᠤᠷᠰᠢᠬᠢ ︽ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ︾᠂ ᠬᠥᠳᠡᠭᠡ ᠲᠣᠰᠬᠤᠨ ᠤ ︽ᠭᠠᠵᠠᠷ ᠰᠢᠷᠣᠶ ᠶᠢᠨ ᠡᠷᠭᠢᠯᠲᠡ︾ ᠵᠡᠷᠭᠡ ᠬᠦᠴᠦᠨ ᠵᠦᠢᠯ ᠢ ᠳᠠᠭᠠᠯᠳᠤᠨ᠂ ᠮᠠᠨ ᠤ ᠬᠤᠰᠢᠭᠤᠨ ᠤ ᠣᠲᠣ ᠶᠢᠨ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠶᠢᠷᠢᠯᠠᠭᠤᠯᠤᠯᠲᠠ ᠨᠢᠭᠡᠨᠲᠡ ᠵᠣᠬᠢᠬᠤ ᠨᠠᠰᠤᠨ ᠤ ᠬᠡᠤᠬᠡᠳ ᠤᠨ ᠰᠤᠷᠤᠯᠴᠠᠬᠤ ᠬᠡᠷᠡᠭᠴᠡᠭᠡ ᠶᠢ ᠪᠦᠷᠢᠮᠦᠰᠦᠨ ᠬᠠᠩᠭᠠᠵᠤ ᠳᠡᠶᠢᠯᠬᠦ ᠥᠬᠡᠶ ᠪᠣᠯᠵᠣ᠂ ᠭᠤᠤᠯᠳᠠᠭᠤ ᠳᠣᠤᠷᠠᠬᠢ ᠠᠰᠠᠭᠤᠳᠠᠯ ᠢᠯᠡᠷᠡᠪᠡ᠄ ᠨᠢᠭᠡ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠲᠡᠩᠴᠡᠭᠦᠷᠢ ᠥᠬᠡᠶ ᠪᠠᠶᠢᠵᠤ᠂ ᠣᠲᠣ ᠶᠢᠨ ᠪᠠᠶᠢᠭ᠎ᠠ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠣᠷᠣᠨ᠂ ᠤᠤᠯ ᠤᠨ ᠵᠢᠨᠴᠤᠸᠠᠨ᠂ ᠵᠢᠨᠱᠠᠨ ᠣᠷᠣᠨ ᠤ ᠰᠤᠷᠭᠠᠭᠤᠯᠢ ᠶᠢᠨ ᠰᠣᠷᠣᠭᠴᠢ ᠶᠢᠨ ᠢᠷᠡᠯᠲᠡ ᠣᠯᠠᠨ᠂ ᠪᠤᠰᠤᠳ ᠡᠯ᠎ᠡ ᠰᠢᠶᠠᠩ ᠪᠠᠯᠭᠠᠰᠤᠨ ᠤ ᠣᠷᠣᠨ ᠪᠦᠰᠡ ᠶᠢᠨ ᠰᠤᠷᠭᠠᠭᠤᠯᠢ ᠶᠢᠨ ᠰᠣᠷᠣᠭᠴᠢ ᠶᠢᠨ ᠢᠷᠡᠯᠲᠡ ᠴᠥᠭᠡᠨ᠂ ᠬᠤᠲᠠ ᠶᠢᠨ ᠲᠣᠭᠤᠷᠢᠭ ᠤᠨ ᠡᠷᠬᠢᠨ ᠲᠣᠭᠤᠷᠢᠨ ᠤ ᠵᠢᠨᠱᠠᠨ ᠰᠤᠷᠭᠠᠭᠤᠯᠢ᠂ ᠵᠢᠨᠴᠤᠸᠠᠨ ᠨᠢᠭᠡᠳᠦᠭᠡᠷ ᠰᠤᠷᠭᠠᠭᠤᠯᠢ᠂ ᠳ᠋ᠦᠩ ᠹᠠᠩ ᠰᠤᠷᠭᠠᠭᠤᠯᠢ ᠵᠡᠷᠭᠡ ᠡᠷᠳᠡᠮ ᠤᠨ ᠴᠣᠯᠠ ᠪᠠᠴᠢᠮ ᠪᠠ ᠰᠤᠷᠭᠠᠭᠤᠯᠢ ᠶᠢᠨ ᠲᠤᠭ᠎ᠠ ᠬᠡᠮᠵᠢᠶ᠎ᠡ ᠲᠠᠢ ᠬᠤᠯᠪᠣᠯᠳᠤᠭᠰᠠᠨ ᠲᠤᠰᠬᠠᠯ ᠭᠠᠷᠴᠤ᠂ 2027 ᠣᠨ ᠤ ᠰᠢᠶᠠᠨ ᠤ ᠬᠡᠪᠴᠢᠶᠡᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠪᠠᠷᠢᠮᠵᠢᠶ᠎ᠠ ᠳᠤ ᠬᠦᠷᠴᠦ ᠰᠢᠯᠭᠠᠨ ᠠᠪᠬᠤ ᠶᠢ ᠬᠦᠨᠳᠦ ᠨᠣᠴᠢᠲᠠᠶ ᠨᠥᠯᠥᠭᠡᠯᠡᠪᠡ᠃ ᠳᠡᠭᠡᠷ᠎ᠡ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠮᠠᠨ ᠤ ᠲᠣᠪᠴᠢᠶ᠎ᠠ ︽ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠮᠡᠳᠡᠭᠦᠯᠦᠨ ᠬᠦᠷᠭᠡᠬᠦ ᠲᠤᠬᠠᠶ ᠮᠡᠳᠡᠭᠳᠡᠯ︾ ︵2020 ᠤᠨ︶ ᠤᠨ 168 ᠳ᠋ᠤᠭᠠᠷ ᠲᠣᠭᠠᠲᠤ︶᠂ ︽ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠠᠶᠢᠷᠢᠰᠢᠯ ᠤᠨ ᠲᠥᠯᠥᠪᠵᠢᠭᠦᠯᠭᠡ ᠶᠢ ᠮᠡᠳᠡᠭᠦᠯᠦᠨ ᠬᠦᠷᠭᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠳᠣᠭᠢᠷᠠᠭᠤᠯᠤᠨ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠶ ᠪᠠᠶᠢᠳᠠᠯ ᠢ ᠦᠨᠳᠦᠰᠦᠯᠡᠨ᠂ ᠲᠤᠰᠬᠠᠶ ᠮᠡᠷᠭᠡᠵᠢᠯᠲᠡᠨ ᠭᠦᠶ᠋ᠴᠡᠳ ᠨᠤᠲᠠᠯᠠᠬᠤ ᠪᠠᠷ ᠳᠡᠮᠵᠢᠨ᠂ ᠲᠦᠮᠡᠳ ᠵᠡᠭᠦᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ︵2024 ᠤᠨ 2025 ᠣᠨ︶ ᠵᠡᠷᠭᠡ ᠶᠢ ᠣᠨᠴᠠᠭᠠᠶᠢᠯᠠᠨ ᠲᠣᠭᠲᠠᠭᠠᠪᠠ᠃
 
ᠢᠷᠡᠯᠲᠡ᠄ ᠲᠦᠮᠡᠳ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号