ᠪᠢᠴᠢᠭᠡᠴᠢ ᠪᠠᠯᠭᠠᠰᠤ ᠬᠤᠶᠠᠳᠤᠭᠠᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/16
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠪᠢᠴᠢᠭᠡᠴᠢ ᠪᠠᠯᠭᠠᠰᠤ 2024 ᠣᠨ ᠤ 5 ᠰᠠᠷ᠎ᠠ ᠶᠢᠨ 14 ᠤ ᠡᠳᠦᠷ 2024 ᠣᠨ ᠤ ᠬᠤᠶᠠᠳᠤᠭᠠᠷ ᠤᠯᠠᠷᠢᠯ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠠᠵᠢᠯ ᠢ ᠪᠠᠶᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠨᠠᠷᠢᠯᠢᠭ ᠵᠢᠭᠰᠠᠭᠠᠨ ᠪᠠᠶᠢᠴᠠᠭᠠᠵᠤ᠂ ᠬᠢᠨᠠᠨ ᠬᠡᠮᠵᠢᠵᠦ ᠵᠢᠭᠰᠠᠭᠠᠨ ᠪᠠᠶᠢᠴᠠᠭᠠᠬᠤ ᠡᠲᠡᠭᠡᠳ ᠢ ᠡᠷᠦᠬᠡ ᠳᠠᠷᠠᠭᠠᠯᠠᠨ ᠰᠤᠳᠤᠯᠤᠨ ᠮᠠᠭᠠᠳᠯᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠭᠤᠯᠵᠤ᠂ ᠮᠡᠳᠡᠭᠡ ᠵᠠᠩᠭᠢ ᠶᠢ ᠨᠢ ᠣᠨᠣᠪᠴᠢᠲᠠᠶ ᠪᠠᠶᠢᠯᠭᠠᠬᠤ ᠬᠡᠷᠡᠭᠲᠡᠶ᠃ ᠭᠤᠷᠪᠠ ᠳᠤ᠂ ᠬᠠᠷᠢᠭᠤᠴᠠᠯᠭ᠎ᠠ ᠶᠢ ᠲᠣᠳᠣᠷᠬᠠᠶᠢᠯᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠪᠢᠴᠢᠭᠡᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号