ᠲᠦᠮᠡᠳ ᠵᠡᠭᠦᠨ ᠬᠤᠰᠢᠭᠤ ᠰᠣᠶᠣᠯ ᠵᠢᠭᠤᠯᠴᠢᠯᠠᠯ ᠤᠨ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2024/5/19
    5 ᠰᠠᠷ᠎ᠠ ᠶᠢᠨ 19 ᠤ ᠡᠳᠦᠷ᠂ ᠲᠦᠮᠡᠳ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠬᠤᠳᠠᠯᠳᠤᠭᠠᠴᠢᠨ ᠤᠷᠢᠬᠤ ᠲᠠᠨᠢᠯᠴᠠᠭᠤᠯᠬᠤ ᠬᠤᠷᠠᠯ ᠪᠠᠶ ᠱᠢ ᠭᠸᠤ ᠶᠢᠨ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠬᠤᠷᠠᠯᠳᠤᠪᠠ᠃    ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠨᠢ ᠣᠯᠠᠨ ᠬᠤᠳᠠᠯᠳᠤᠭᠠᠴᠢᠳ ᠤᠨ ᠡᠪᠯᠡᠯ᠂ ᠠᠵᠤ ᠠᠬᠤᠶᠢᠯᠠᠯ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠭᠤᠤᠯ ᠬᠠᠷᠢᠭᠤᠴᠠᠯᠭᠠᠲᠠᠨ ᠢ ᠤᠷᠢᠵᠤ᠂ ᠨᠡᠶᠢᠭᠡᠮ ᠤᠨ ᠡᠯ᠎ᠡ ᠡᠲᠡᠭᠡᠳ ᠲᠤ ᠲᠦᠮᠡᠳ ᠵᠡᠭᠦᠨ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠵᠤ᠂ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠲᠦᠮᠡᠳ ᠵᠡᠭᠦᠨ ᠬᠤᠰᠢᠭᠤᠨ ᠤ ᠠᠵᠤ ᠦᠢᠯᠡᠳᠪᠦᠷᠢ ᠶᠢᠨ ᠵᠢᠭᠤᠯᠴᠢᠯᠠᠯ᠂ ᠠᠮᠢ ᠠᠬᠤᠶ ᠶᠢᠨ ᠵᠢᠭᠤᠯᠴᠢᠯᠠᠯ᠂ ᠬᠤᠪᠢᠰᠬᠠᠯ ᠤᠨ ᠵᠢᠭᠤᠯᠴᠢᠯᠠᠯ᠂ ᠲᠠᠷᠢᠶᠠᠯᠠᠩ ᠵᠢᠭᠤᠯᠴᠢᠯᠠᠯ ᠤᠨ ᠠᠭᠤᠰᠤᠯᠴᠠᠯ ᠤᠨ ᠵᠢᠭᠤᠯᠴᠢᠯᠠᠯ᠂ ᠲᠡᠤᠬᠡ ᠰᠣᠶᠣᠯ ᠤᠨ ᠵᠢᠭᠤᠯᠴᠢᠯᠠᠯ ︽5 ᠳᠡᠭᠡᠭᠰᠢᠯᠡᠯᠲᠡ︾ ᠶᠢ ᠪᠥᠬᠦ ᠲᠠᠯ᠎ᠠ ᠪᠠᠷ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠢᠯ ᠢ ᠪᠥᠬᠦ ᠣᠷᠣᠨ ᠪᠦᠰᠡ᠂ ᠪᠥᠬᠦ ᠠᠷᠠᠳ ᠲᠦᠮᠡᠨ ᠤ ᠪᠥᠬᠦ ᠬᠦᠴᠦᠨ ᠵᠦᠢᠯ ᠲᠡᠰᠢ ᠠᠬᠢᠭᠤᠯᠵᠤ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃
C:\Users\bch\Desktop\10.10\5.19  旅游图.jpg
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号