︽ᠭᠦᠷ ᠬᠥᠭᠵᠢᠶᠡᠨ ᠲᠠᠢ ᠴᠡᠯᠡᠭᠡᠷ ᠲᠠᠯ᠎ᠠ︾
ᠨᠡᠶᠢᠲᠡᠯᠡᠭᠰᠡᠨ ᠴᠠᠭ᠄
2024/5/2
C:\Users\bch\Desktop\5.02  旅游图.jpg
       ᠭᠦᠭᠡᠬᠤᠲᠠ ᠶᠢᠨ ᠤᠯᠠᠭᠠᠨᠮᠥ᠋ᠴᠢᠷ ᠤᠨ ᠬᠢᠨ 4 ᠰᠠᠷ᠎ᠠ ᠶᠢᠨ 30 ᠤ ᠡᠳᠦᠷ ᠠᠴᠠ ᠡᠬᠢᠯᠡᠨ ᠴᠡᠯᠡᠭᠡᠷ ᠲᠠᠯ᠎ᠠ ᠨᠤᠲᠤᠭ ᠲᠤ ᠨᠡᠶᠢᠳᠡ 5 ᠡᠳᠦᠷ 6 ᠲᠠᠯᠠᠪᠤᠷ ︽ᠭᠦᠷ ᠬᠥᠭᠵᠢᠶᠡᠨ ᠲᠠᠢ ᠴᠡᠯᠡᠭᠡᠷ ᠲᠠᠯ᠎ᠠ︾ ᠳᠠᠭᠤᠤ ᠪᠥᠵᠢᠭ ᠤᠨ ᠲᠣᠬᠯᠠᠯᠲᠠ ᠭᠠᠷᠭᠠᠨ᠎ᠠ᠃ ᠲᠣᠰ ᠲᠣᠬᠯᠠᠯᠲᠠ ᠨᠢ ᠴᠡᠯᠡᠭᠡᠷ ᠲᠠᠯ᠎ᠠ ᠨᠤᠲᠤᠭ ᠢᠶᠠᠷ ᠪᠠᠶᠢᠭᠠᠯᠢᠯᠢᠭ ᠲᠠᠪᠴᠠᠩ ᠪᠤᠯᠭᠠᠵᠤ᠂ ᠦᠵᠡᠭᠴᠢᠳ ᠲᠤ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠵᠦ ᠪᠤᠢ᠃ ᠡᠨᠡ ᠵᠢᠯ ᠤᠨ ︽5·1︾ ᠤ ᠠᠮᠠᠷᠠᠯᠲᠠ ᠶᠢᠨ ᠬᠤᠭᠤᠴᠠᠭᠠᠨ ᠳᠤ᠂ ᠭᠦᠭᠡᠬᠤᠲᠠ ᠭᠤᠣᠯᠳᠠᠭᠤ ᠬᠤᠷᠰᠢᠯᠴᠠᠯ ᠲᠣᠭᠯᠠᠭᠠᠮ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ᠂ ᠠᠭᠤᠰᠤᠯᠴᠠᠬᠤ ᠭᠡᠯᠪᠡᠷᠢ ᠶᠢᠨ ᠤᠷᠠᠨ ᠰᠠᠶᠢᠬᠠᠨ ᠤ ᠲᠣᠬᠯᠠᠯᠲᠠ᠂ ᠦᠵᠡᠭᠦᠯᠭᠡ ᠦᠵᠡᠭᠦᠯᠦᠯᠭᠡ᠂ ᠰᠡᠯᠡᠭᠦᠴᠡᠨ ᠵᠤᠭᠠᠯᠠᠬᠤ ᠵᠡᠷᠭᠡ ᠲᠠᠪᠤᠨ ᠶᠡᠭᠡ ᠭᠤᠣᠯ ᠰᠡᠳᠦᠪᠲᠦ 50 ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠵᠦ᠂ ᠪᠠᠶᠠᠷ ᠭᠦᠷ ᠲᠠᠢ ᠠᠮᠠᠷᠠᠯᠲᠠ ᠶᠢᠨ ᠡᠳᠦᠷ ᠤᠨ ᠠᠭᠤᠷ ᠠᠮᠢᠰᠬᠤᠯ ᠢ ᠪᠤᠶ ᠪᠤᠯᠭᠠᠵᠤ ᠪᠠᠶᠢᠨ᠎ᠠ᠃ ᠵᠢᠷᠤᠭ ᠪᠣᠯ 4 ᠰᠠᠷ᠎ᠠ ᠶᠢᠨ 30 ᠤ ᠡᠳᠦᠷ᠂ ᠤᠯᠠᠭᠠᠨᠮᠥ᠋ᠴᠢᠷ ᠤᠨ ᠭᠡᠰᠢᠭᠦᠳ ᠲᠣᠬᠯᠠᠯᠲᠠ ᠭᠠᠷᠭᠠᠵᠤ ᠪᠠᠶᠢᠭ᠎ᠠ ᠨᠢ᠃   ᠰᠤᠷᠪᠤᠯᠵᠢᠯᠠᠬᠴᠢ ᠸᠠᠩ ᠯᠧᠢ ᠰᠡᠭᠦᠳᠡᠷᠯᠡᠪᠡ   ᠬᠠᠪᠤᠷ ᠤᠨ ᠤᠷᠢ ᠣᠷᠣᠵᠤ ᠬᠠᠮᠤᠭ ᠪᠣᠳᠠᠰ ᠦᠷᠡᠵᠢᠨ ᠲᠥᠯᠵᠢᠵᠦ᠂ ᠠᠭᠤᠷ ᠠᠮᠢᠰᠬᠤᠯ ᠳᠤᠯᠠᠭᠠᠨ ᠲᠠᠭᠠᠯᠠᠮᠵᠢᠲᠠᠢ ᠪᠣᠯᠵᠤ ᠢᠷᠡᠬᠦ ᠪᠠᠷ ᠬᠥᠮᠥᠰ ᠤᠨ ᠲᠣᠭᠤᠷᠢᠨ ᠵᠤᠭᠠᠯᠠᠬᠤ ᠤᠷᠮ᠎ᠠ ᠥᠪᠡᠷ ᠤᠨ ᠡᠷᠬᠡ ᠦᠭᠡᠢ ᠬᠥᠭᠵᠢᠳᠡᠭ ᠶᠤᠮ᠃ ᠮᠠᠨ ᠤ ᠣᠷᠣᠨ ᠤ ᠴᠡᠴᠡᠭ ᠰᠣᠨᠢᠷᠬᠠᠬᠤ ᠲᠣᠬᠢᠲᠠᠢ ᠴᠠᠭ ᠨᠢ 4 ᠰᠠᠷ᠎ᠠ ᠶᠢᠨ ᠳᠤᠮᠳᠠᠴᠢ ᠠᠴᠠ ᠡᠬᠢᠯᠡᠨ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠪᠠᠷ ᠢᠳᠡ ᠥᠷᠨᠢᠵᠦ᠂ 7 ᠰᠠᠷ᠎ᠠ ᠪᠤᠯᠳᠠᠯ᠎ᠠ ᠦᠷᠭᠦᠯᠵᠢᠯᠡᠳᠡᠭ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︽ᠴᠡᠴᠡᠭ ᠤᠨ ᠪᠣᠯᠵᠤᠭ᠎ᠠ  ᠲᠠᠢ·ᠴᠡᠴᠡᠭᠲᠦ ᠤᠯᠠᠷᠢᠯ ᠤᠨ ᠵᠢᠭᠤᠯᠴᠢᠯᠠᠯ︾ ᠭᠤᠣᠯ ᠰᠡᠳᠦᠪ ᠢᠶᠠᠷ ᠭᠦᠨᠵᠡᠭᠡᠢ ᠪᠡᠶᠡᠴᠢᠯᠡᠨ ᠣᠶᠢᠯᠠᠭᠠᠬᠤ 72 ᠵᠦᠢᠯ  ᠤᠨ ᠵᠢᠭᠤᠯᠴᠢᠯᠠᠯ ᠤᠨ ᠪᠦᠲᠦᠭᠡᠭᠳᠡᠬᠦᠨ ᠭᠠᠷᠭᠠᠵᠤ᠂ ᠴᠡᠴᠡᠭ ᠪᠣᠯᠣᠨ ᠦᠵᠡᠮᠵᠢ ᠪᠠᠷ ᠭᠤᠣᠯ ᠪᠣᠯᠭᠠᠨ᠂ ᠰᠣᠶᠣᠯ ᠤᠨ ᠣᠶᠢᠯᠠᠭᠠᠯᠲᠠ᠂ ᠪᠠᠶᠢᠭᠠᠯᠢ ᠠᠬᠤᠢ᠂ ᠬᠤᠪᠴᠠᠰᠤ ᠵᠠᠰᠠᠯ ᠢᠳᠡᠭᠡᠨ ᠤᠮᠳᠠᠭᠠᠨ ᠬᠢᠭᠡᠳ ᠣᠨᠴᠠᠯᠢᠭᠲᠤ ᠪᠦᠲᠦᠭᠡᠭᠳᠡᠬᠦᠨ  ᠲᠠᠢ ᠤᠶᠠᠯᠳᠤᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠣᠨᠴᠠᠯᠢᠭ ᠢᠶᠠᠷ ᠢᠯᠡ ᠲᠣᠳᠣ ᠴᠡᠴᠡᠭᠲᠦ ᠤᠯᠠᠷᠢᠯ ᠤᠨ ᠵᠢᠭᠤᠯᠴᠢᠯᠠᠯ ᠤᠨ ᠪᠦᠲᠦᠭᠡᠭᠳᠡᠬᠦᠨ ᠬᠢᠭᠡᠳ ᠵᠠᠮ ᠱᠤᠭᠤᠮ ᠢ ᠴᠣᠭᠴᠠᠯᠠᠨ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ  ᠪᠠᠷ ᠥᠪᠥᠷ ᠮᠣᠩᠭᠤᠯ ᠤᠨ ᠲᠠᠯ᠎ᠠ ᠨᠤᠲᠤᠭ ᠲᠤ ᠮᠣᠷᠢᠯᠠᠨ ᠰᠠᠭᠠᠲᠠᠭᠰᠠᠨ ᠥᠷᠭᠡᠨ ᠤᠯᠠᠨ ᠵᠢᠭᠤᠯᠴᠢᠯᠠᠬᠰᠠᠳ ᠤᠨ ᠬᠡᠷᠡᠭᠴᠡᠭᠡ ᠶᠢ ᠨᠡᠩ ᠰᠠᠶᠢᠨ ᠨᠡᠩ ᠭᠦᠢᠴᠡᠳ ᠬᠠᠩᠭᠠᠵᠤ ᠪᠠᠶᠢᠨ᠎ᠠ᠃    5 ᠰᠠᠷ᠎ᠠ ᠳᠤ ᠬᠢᠩᠭᠠᠨ ᠳᠠᠪᠠᠭ᠎ᠠ ᠶᠢᠨ ᠬᠤᠷᠴᠠ ᠤᠯᠠᠭᠠᠨ ᠴᠡᠴᠡᠭ ᠪᠠᠳᠠᠷᠠᠨ ᠳᠡᠯᠭᠡᠷᠡᠵᠦ᠂ ᠬᠢᠵᠠᠭᠠᠷ ᠦᠭᠡᠢ ᠶᠡᠭᠡ ᠠᠮᠢᠵᠢᠷᠠᠯ ᠤᠨ ᠬᠦᠴᠦᠨ ᠢ ᠠᠪᠴᠢᠷᠠᠯ᠎ᠠ᠃ ᠳ᠋ᠠᠷᠪᠢᠨ ᠨᠠᠭᠤᠷ ᠤᠨ ᠤᠯᠤᠰ ᠤᠨ ᠤᠢ ᠰᠢᠭᠤᠢ ᠶᠢᠨ ᠴᠡᠴᠡᠷᠯᠢᠭ᠂ ᠭᠡᠭᠡᠨ ᠭᠤᠣᠯ ᠤᠨ ᠬᠤᠷᠴᠠ ᠤᠯᠠᠭᠠᠨ ᠴᠡᠴᠡᠭ ᠤᠨ ᠬᠥᠨᠳᠡᠢ᠂ ᠵᠠᠯᠠᠨ ᠠᠶᠢᠯ ᠤᠨ ᠼᠦᠢ ᠫᠢᠩ ᠱᠠᠨ ᠠᠭᠤᠯᠠ ᠶᠢᠨ ᠬᠤᠷᠴᠠ ᠤᠯᠠᠭᠠᠨ ᠴᠡᠴᠡᠭ ᠤᠨ ᠬᠥᠲᠥᠯ᠂ ᠷᠠᠰᠢᠶᠠᠨ ᠤ ᠬᠤᠰᠤᠨ ᠭᠤᠤ ᠤᠯᠤᠰ ᠤᠨ ᠤᠢ ᠰᠢᠭᠤᠢ ᠶᠢᠨ ᠴᠡᠴᠡᠷᠯᠢᠭ᠂ ᠤᠯᠠᠭᠠᠨᠬᠠᠳᠠ ᠶᠢᠨ ᠬᠤᠩᠭᠤ ᠶᠢᠨ ᠳᠠᠪᠠᠭ᠎ᠠ ᠵᠡᠷᠭᠡ ᠭᠠᠵᠠᠷ ᠲᠤ ︽ᠲᠦᠮᠡᠨ ᠴᠢᠩ ᠬᠤᠷᠴᠠ ᠤᠯᠠᠭᠠᠨ ᠴᠡᠴᠡᠭ ᠳᠠᠪᠠᠯᠭᠠᠯᠠᠵᠤ᠂ ᠠᠷᠪᠠᠨ ᠭᠠᠵᠠᠷ ᠭᠦᠪᠡᠭᠡ ᠨᠢ ᠦᠯᠦ ᠬᠠᠷᠠᠭᠳᠠᠬᠤ︾ ᠡᠲᠡᠭᠡᠳ ᠰᠠᠶᠢᠬᠠᠨ ᠦᠵᠡᠮᠵᠢ ᠬᠠᠷᠠᠭᠰᠠᠨ ᠪᠦᠭᠦᠨ ᠤ ᠬᠠᠷᠠᠭ᠎ᠠ ᠶᠢ ᠪᠤᠯᠢᠶᠠᠨ᠎ᠠ᠃ ᠨᠠᠭᠤᠷ ᠤᠨ ᠬᠥᠪᠡᠭᠡᠨ ᠳᠠᠬᠢ ᠬᠤᠷᠴᠠ ᠤᠯᠠᠭᠠᠨ ᠴᠡᠴᠡᠭ ᠣᠶᠢᠷᠠᠲᠤᠭᠰᠠᠨ ᠪᠦᠭᠦᠨ ᠢ ᠤᠯᠠᠶᠢᠯᠭᠠᠵᠤ᠂ ᠥᠩᠭᠡ ᠪᠤᠯᠢᠶᠠᠯᠳᠤᠨ ᠵᠢᠰᠦ ᠮᠥᠴᠡᠭᠡᠷᠬᠡᠵᠦ᠂ ᠬᠥᠮᠥᠰ ᠢ ᠰᠣᠭᠲᠣᠭᠤᠷᠠᠭᠤᠯᠤᠨ᠎ᠠ᠃ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠬᠠᠪᠤᠷ ᠤᠨ ᠡᠳᠦᠷ ᠪᠠᠲᠤᠴᠠᠭᠠᠨ ᠴᠡᠴᠡᠭ ᠰᠣᠨᠢᠷᠬᠠᠬᠤ︾ ᠭᠤᠣᠯ ᠰᠡᠳᠦᠪᠲᠦ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ᠂ ᠤᠯᠠᠭᠠᠨᠬᠠᠳᠠ ᠬᠤᠲᠠ  ᠶᠢᠨ ᠪᠣᠷᠣᠬᠤᠲᠠ ᠪᠠᠯᠭᠠᠰᠤᠨ ᠤ ᠰᠠᠴᠢ ᠶᠢᠨ ᠲᠠᠯ᠎ᠠ ᠶᠢᠨ ᠴᠡᠴᠡᠭ ᠰᠣᠨᠢᠷᠬᠠᠬᠤ ᠠᠵᠢᠯᠯᠠᠭ᠎ᠠ᠂ ᠨᠢᠩᠴᠧᠩ ᠰᠢᠶᠠᠨ ᠤ ᠵᠠᠭᠤᠨ ᠭᠠᠵᠠᠷ ᠤᠨ ᠵᠢᠷᠤᠭ ᠤᠨ ᠬᠤᠩᠭᠢᠯ ᠴᠡᠴᠡᠭ ᠰᠣᠨᠢᠷᠬᠠᠬᠤ ᠵᠢᠭᠤᠯᠴᠢᠯᠠᠯ᠂ ᠲᠦᠩᠯᠢᠶᠣᠣ ᠬᠤᠲᠠ ᠶᠢᠨ ᠨᠠᠢᠮᠠᠨ ᠬᠤᠰᠢᠭᠤᠨ ᠤ ᠴᠢᠩ ᠯᠦᠩ ᠱᠠᠨ ᠤ ᠭᠤᠣᠯᠲᠤ ᠪᠣᠷᠣ ᠴᠡᠴᠡᠭ ᠰᠣᠨᠢᠷᠬᠠᠬᠤ ᠠᠵᠢᠯᠯᠠᠭ᠎ᠠ ᠨᠤᠭᠤᠳ ᠨᠢ ᠡᠨᠡ ᠬᠠᠪᠤᠷ  ᠤᠨ ᠬᠠᠮᠤᠭ ᠤᠨ ᠰᠠᠶᠢᠬᠠᠨ ᠦᠵᠡᠮᠵᠢ ᠶᠢ ᠬᠠᠷᠠᠭᠤᠯᠵᠤ᠂ ᠭᠦᠷᠦᠭᠰᠡᠨ ᠪᠦᠭᠦᠨ ᠤ ᠬᠦᠰᠡᠯ ᠢ ᠭᠦᠢᠴᠡᠭᠡᠨ᠎ᠡ᠃ ᠪᠤᠭᠤᠲᠤ  ᠶᠢᠨ ᠴᠡᠴᠡᠭ ᠤᠨ ᠶᠢᠷᠲᠢᠨᠴᠦ ᠶᠢᠨ ᠦᠵᠡᠮᠵᠢ ᠶᠢᠨ ᠣᠷᠣᠨ ᠳᠤ ᠲᠣᠮᠣ ᠭᠡᠯᠪᠡᠷᠢ ᠶᠢᠨ ᠴᠡᠴᠡᠭ ᠤᠨ ᠦᠵᠡᠭᠦᠯᠭᠡ ᠪᠠ ᠲᠤᠯᠤᠭᠠᠨ ᠥᠩᠭᠡ ᠰᠣᠯᠣᠩᠭᠠᠷᠠᠭᠰᠠᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠳᠣᠯᠣᠳᠤᠭᠠᠷ ᠬᠤᠭᠤᠴᠠᠭᠠᠨ ᠤ ᠠᠯᠲᠠᠨ ᠵᠤᠯᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠨᠢ ᠬᠥᠮᠥᠰ ᠢ ᠥᠩᠭᠡ ᠢᠯᠭᠠᠷᠠᠭᠰᠠᠨ ᠴᠡᠴᠡᠭ ᠤᠨ ᠳᠠᠯᠠᠢ ᠳᠤ ᠱᠤᠩᠪᠠᠭᠤᠯᠵᠦ᠂ ᠤᠯᠠᠷᠢᠯ ᠤᠨ ᠰᠠᠶᠢᠬᠠᠨ᠂ ᠪᠠᠶᠢᠭᠠᠯᠢ ᠶᠢᠨ ᠰᠠᠶᠢᠬᠠᠨ ᠢ ᠮᠡᠳᠡᠷᠡᠭᠦᠯᠦᠨ᠎ᠡ᠃ ᠣᠷᠳᠣᠰ ᠬᠤᠳᠠ ᠶᠢᠨ ᠭᠢᠶ᠎ᠠ ᠪᠠᠭᠰᠢ ᠲᠣᠭᠤᠷᠢᠭ ᠲᠤ ᠬᠤᠣᠰ ᠦᠭᠡᠢ ᠰᠠᠶᠢᠬᠠᠨ ᠮᠠᠨᠳᠠᠷᠠᠸ᠎ᠠ ᠴᠡᠴᠡᠭ ᠪᠠᠳᠠᠷᠠᠨ ᠳᠡᠯᠭᠡᠷᠡᠬᠦ ᠶᠢ ᠰᠣᠨᠢᠷᠬᠠᠵᠤ᠂ ᠵᠠᠯᠭᠠᠭᠠᠳ ᠤᠳᠤᠭ ᠤᠨ ᠡᠮᠦᠨᠡᠲᠦ ᠬᠤᠰᠢᠭᠤᠨ ᠳᠤ ᠬᠦᠷᠴᠦ ᠴᠠᠬᠢᠷᠮ᠎ᠠ ᠴᠡᠴᠡᠭ ᠢ ᠰᠣᠨᠢᠷᠬᠠᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠥᠨᠴᠥᠭ ᠪᠤᠯᠤᠩ ᠭᠦᠷᠳᠡᠯ᠎ᠠ ᠴᠥᠮ ᠦᠵᠡᠮᠵᠢ ᠶᠢᠨ ᠭᠠᠵᠠᠷ ᠪᠠᠶᠢᠳᠠᠭ ᠢ ᠮᠡᠳᠡᠷᠡᠵᠦ ᠪᠤᠯᠳᠠᠭ ᠶᠤᠮ᠃    ᠡᠨᠡ ᠵᠢᠯ ᠤᠨ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠪᠦᠭᠦ ᠣᠷᠣᠨ ᠤ ᠡᠯ᠎ᠡ ᠭᠠᠵᠠᠷ ᠤᠨ ᠬᠢᠨ ᠴᠡᠴᠡᠭ ᠰᠣᠨᠢᠷᠬᠠᠬᠤ ᠶᠢᠨ ᠳᠠᠭᠠᠤ ᠳᠠᠭᠤᠤ ᠬᠥᠭᠵᠢᠮ ᠤᠨ ᠦᠳᠡᠰᠢᠯᠡᠭᠡ᠂ ᠬᠤᠪᠴᠠᠰᠤᠨ ᠦᠵᠡᠭᠦᠯᠭᠡ᠂ ᠠᠮᠢᠳᠠᠨ ᠰᠣᠨᠢᠷᠬᠠᠨ ᠠᠮᠢᠳᠠᠨ ᠲᠡᠵᠢᠭᠡᠬᠦ᠂ ᠬᠡᠦᠬᠡᠯᠳᠡᠢ ᠵᠦᠴᠦᠭᠡ ᠪᠠ ᠼᠢᠷᠺ ᠰᠣᠨᠢᠷᠬᠠᠬᠤ᠂ ᠬᠤᠪᠢ ᠶᠢᠨ ᠮᠠᠰᠢᠨ ᠲᠡᠷᠭᠡᠨ ᠤ ᠵᠢᠭᠤᠯᠴᠢᠯᠠᠯ᠂ ᠬᠡᠭᠡᠷᠡᠯᠡᠨ ᠪᠠᠭᠤᠳᠠᠯᠯᠠᠬᠤ᠂ ᠭᠡᠷᠡᠯ ᠵᠢᠷᠤᠭ ᠠᠪᠬᠤ᠂ ᠠᠷᠠᠳ ᠤᠨ ᠵᠠᠩ ᠦᠢᠯᠡ ᠶᠢ ᠪᠡᠶᠡᠴᠢᠯᠡᠨ ᠣᠶᠢᠯᠠᠭᠠᠬᠤ᠂ ᠳᠤᠭᠤᠢ ᠤᠨᠤᠬᠤ᠂ ᠶᠠᠪᠠᠭᠠᠨ ᠠᠶᠠᠯᠠᠬᠤ᠂ ᠴᠠᠭᠠᠰᠤᠨ ᠰᠢᠪᠠᠭᠤ ᠨᠢᠰᠬᠡᠬᠦ᠂ ᠨᠣᠭᠤᠭ᠎ᠠ ᠵᠢᠮᠢᠰ ᠲᠡᠭᠦᠬᠦ᠂ ᠠᠮᠲᠠᠲᠤ ᠢᠳᠡᠭᠡᠨ ᠠᠮᠰᠠᠨ ᠵᠣᠭᠤᠭᠯᠠᠬᠤ ᠵᠡᠷᠭᠡ ᠪᠠᠶᠢᠩᠭᠤ ᠶᠢᠨ ᠠᠵᠢᠯᠯᠠᠭ᠎ᠠ ᠨᠤᠭᠤᠳ ᠢ ᠲᠣᠬᠢᠷᠠᠭᠤᠯᠵᠤ᠂ ᠬᠦᠷᠦᠯᠴᠡᠨ ᠢᠷᠡᠭᠰᠡᠨ ᠵᠢᠭᠤᠯᠴᠢᠯᠠᠬᠰᠠᠳ ᠤᠨ ᠢᠶᠠᠨ ᠤᠷᠮ᠎ᠠ ᠶᠢ ᠰᠡᠷᠭᠦᠭᠡᠨ ᠪᠠᠶᠠᠰᠬᠠᠵᠤ ᠪᠠᠶᠢᠨ᠎ᠠ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号