ᠲᠠᠶᠢᠭ᠎ᠠ ᠮᠤᠳᠤ ᠪᠠᠯᠭᠠᠰᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/5/21
   ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ ᠂ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠵᠢᠷᠠᠭᠤᠯᠬᠤ ᠶᠢᠨ ᠲᠥᠯᠥᠭᠡ᠂ ᠣᠶᠢᠷ᠎ᠠ ᠳᠤ᠂ ᠲᠠᠶᠢᠭ᠎ᠠ ᠮᠣᠳᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠦᠨᠡᠨ ᠬᠦ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠬᠤ ᠪᠠᠲᠤ ᠪᠠᠬᠢ ᠬᠦᠴᠦᠨ ᠴᠢᠳᠠᠯ ᠪᠣᠯᠭᠠᠨ ᠬᠤᠪᠢᠷᠠᠭᠤᠯᠪᠠ᠃    ᠠᠵᠢᠯᠯᠠᠭ᠎ᠠ ᠶᠢᠨ ᠳᠤᠮᠳᠠ᠂ ᠰᠠᠶᠢᠨ ᠳᠤᠷᠠᠴᠤᠳ ︽ᠤᠯᠠᠭᠠᠨ ᠡᠯᠢᠭᠡᠪᠴᠢ︾ ᠡᠮᠦᠰᠴᠦ᠂ ᠭᠠᠷ ᠲᠠᠭᠠᠨ ᠬᠤᠭ ᠨᠣᠪᠰᠢ ᠶᠢᠨ ᠤᠭᠤᠲᠠ᠂ ᠬᠤᠰᠤᠭᠤᠷ ᠵᠡᠷᠭᠡ ᠪᠠᠭᠠᠵᠢ ᠬᠡᠷᠡᠭᠰᠡᠯ ᠢ ᠪᠠᠷᠢᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠠᠢ ᠬᠠᠮᠲᠤ ᠬᠠᠷᠢᠶ᠎ᠠ ᠣᠷᠣᠨ ᠤ ᠳᠣᠲᠣᠷᠠᠬᠢ ᠬᠤᠭᠤᠰᠣᠨ ᠭᠠᠵᠠᠷ ᠤᠨ ᠡᠯ᠎ᠡ ᠵᠦᠢᠯ ᠤᠨ ᠠᠮᠢᠳᠤᠷᠠᠯ ᠤᠨ ᠬᠤᠭ ᠨᠣᠪᠰᠢ᠂ ᠬᠤᠪᠠᠭ᠋ᠠᠶ ᠰᠠᠯᠠᠭ᠎ᠠ ᠪᠤᠵᠠᠷ ᠡᠪᠡᠰᠦ᠂ ᠴᠠᠭᠠᠨ ᠥᠩᠭᠡᠲᠦ ᠬᠤᠭ ᠨᠣᠪᠰᠢ ᠵᠡᠷᠭᠡ ᠶᠢ ᠴᠡᠪᠡᠷᠯᠡᠵᠦ᠂ ᠡᠷᠡᠭᠦᠯ ᠬᠠᠮᠠᠭᠠᠯᠠᠯ ᠤᠨ ᠠᠩᠬᠠᠷᠤᠭᠳᠠᠬᠤ ᠦᠭᠡᠢ ᠥᠨᠴᠥᠭ ᠪᠤᠯᠤᠩ ᠦᠯᠡᠳᠡᠬᠡᠯ ᠦᠭᠡᠢ ᠴᠡᠪᠡᠷᠯᠡᠨ ᠠᠷᠢᠯᠭᠠᠵᠤ᠂ ᠪᠦᠬᠦᠨ ᠢ ᠪᠦᠷᠬᠦᠭᠦᠯᠵᠦ ᠴᠡᠪᠡᠷᠯᠡᠪᠡ᠃ ᠡᠭᠦᠨ ᠤ ᠬᠠᠮᠲᠤ᠂ ᠮᠠᠨ ᠤ ᠪᠠᠯᠭᠠᠰᠤ ᠪᠠᠰᠠ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠵᠤ᠂ ᠬᠥᠳᠡᠯᠭᠡᠨ ᠬᠡᠷᠡᠭᠯᠡᠬᠦ ᠮᠠᠰᠢᠨ ᠮᠧᠬᠠᠨᠢᠭ ᠢ ᠵᠣᠬᠢᠶᠠᠨ ᠪᠠᠶᠢᠭᠤᠯᠵᠤ᠂ ᠭᠤᠤᠯᠳᠠᠭᠤ ᠵᠡᠭᠡᠯᠢ ᠭᠤᠳᠤᠮᠵᠢ᠂ ᠣᠷᠣᠨ ᠪᠦᠰᠡ ᠶᠢᠨ ᠳᠣᠲᠣᠷᠠᠬᠢ ᠵᠠᠰᠠᠮᠠᠯ ᠵᠠᠮ ᠤᠨ ᠬᠤᠶᠠᠷ ᠬᠠᠵᠠᠭᠤ ᠪᠠᠷ ᠬᠤᠭ ᠨᠣᠪᠰᠢ ᠶᠢ ᠬᠤᠷᠠᠮᠳᠤᠭᠤᠯᠵᠤ᠂ ᠭᠤᠤᠯ ᠤᠨ ᠵᠠᠮ᠂ ᠭᠤᠤ ᠰᠤᠪᠠᠭ ᠵᠢᠴᠢ ᠵᠠᠮ ᠳᠠᠭᠠᠤ ᠶᠢᠨ ᠬᠤᠶᠠᠷ ᠬᠠᠵᠠᠭᠤ ᠶᠢᠨ ᠬᠥᠪᠦᠮᠡᠯ ᠬᠤᠭ ᠨᠣᠪᠰᠢ ᠶᠢ ᠬᠤᠷᠠᠮᠳᠤᠭᠤᠯᠵᠤ᠂ ᠲᠣᠰᠬᠤᠨ ᠤ ᠡᠷᠬᠢᠨ ᠲᠣᠭᠤᠷᠢᠨ᠂ ᠲᠠᠷᠢᠶᠠᠨ ᠭᠠᠵᠠᠷ ᠤᠨ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠲᠦᠢᠯᠪᠤᠷᠢᠲᠠᠶ ᠴᠡᠭᠴᠡᠯᠡᠨ ᠵᠠᠰᠠᠵᠤ᠂ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠢ ᠪᠥᠬᠦ ᠲᠠᠯ᠎ᠠ ᠪᠠᠷ ᠠᠷᠢᠯᠭᠠᠵᠤ᠂ ᠴᠡᠪᠡᠷ ᠴᠡᠮᠴᠡᠭᠡᠷ᠂ ᠲᠠᠭᠠᠯᠠᠮᠵᠢᠲᠠᠶ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃    ᠣᠷᠴᠢᠨ ᠲᠣᠭᠤᠷᠢᠨ ᠢ ᠴᠡᠪᠡᠷᠯᠡᠬᠦ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠴᠢᠳ ︽ᠤᠬᠠᠭᠤᠯᠤᠭᠴᠢ︾ ᠪᠣᠯᠵᠤ᠂ ᠤᠯᠠᠨ ᠲᠦᠮᠡᠨ ᠳᠤ ᠪᠦᠬᠦ ᠲᠠᠯ᠎ᠠ ᠶᠢᠨ᠂ ᠥᠷᠭᠡᠨ ᠪᠦᠷᠬᠦᠴᠡ ᠲᠠᠢ ᠤᠬᠠᠭᠤᠯᠭ᠎ᠠ ᠥᠷᠨᠢᠭᠦᠯᠵᠦ᠂ ᠡᠷᠦᠭᠡ ᠳᠤ ᠬᠦᠷᠴᠦ ᠳᠠᠶᠢᠴᠢᠯᠠᠬᠤ᠂ ᠵᠢᠷᠭᠢᠶ᠎ᠡ ᠶᠢᠨ ᠪᠦᠯᠦᠭ ᠵᠡᠷᠭᠡ ᠬᠡᠯᠪᠡᠷᠢ ᠶᠢ ᠭᠦᠢᠴᠡᠳ ᠠᠰᠢᠭᠯᠠᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠥᠷᠭᠡᠨ ᠢᠶᠠᠷ ᠤᠬᠠᠭᠤᠯᠬᠤ ᠶᠢᠨ ᠬᠠᠮᠲᠤ ᠲᠡᠳᠡᠨ ᠢ ᠲᠠᠶᠢᠴᠢᠯᠠᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ︽ᠣᠷᠴᠢᠨ ᠲᠣᠭᠤᠷᠢᠨ ᠢ ᠪᠦᠬᠦ ᠠᠷᠠᠳ ᠢᠶᠠᠷ ᠢᠶᠠᠨ ᠣᠷᠣᠯᠴᠠᠭᠤᠯᠵᠤ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠦᠬᠦ ᠠᠷᠠᠳ ᠢᠶᠠᠷ ᠢᠶᠠᠨ ᠬᠠᠮᠲᠤᠪᠠᠷ ᠡᠳ᠋ᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃    ᠴᠡᠪᠡᠷ ᠲᠡᠭᠰᠢ ᠣᠷᠣᠰᠢᠨ ᠰᠠᠭᠤᠬᠤ ᠣᠷᠴᠢᠨ ᠲᠣᠭᠤᠷᠢᠨ ᠪᠣᠯ ᠠᠷᠠᠳ ᠣᠯᠠᠨ ᠤ ᠠᠮᠢᠳᠤᠷᠠᠯ ᠤᠨ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠪᠠᠲᠤᠯᠠᠭ᠎ᠠ ᠮᠥᠨ᠂ ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠮᠠᠨ ᠤ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠲᠤᠬᠠᠶ ᠬᠠᠨᠤᠮᠵᠢ ᠶᠢᠨ ᠬᠡᠮᠵᠢᠶ᠎ᠡ ᠪᠠ ᠮᠡᠳᠡᠷᠡᠮᠵᠢ ᠶᠢᠨ ᠬᠡᠮᠵᠢᠶ᠎ᠡ ᠶᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠨᠠᠩ ᠴᠤ ᠬᠥᠮᠦᠨ ᠪᠦᠬᠦᠨ ᠬᠥᠳᠡᠯᠦᠯᠴᠡᠵᠦ᠂ ᠪᠥᠬᠦ ᠬᠥᠮᠦᠰ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠲᠠᠶᠢᠭ᠎ᠠ ᠮᠣᠳᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ︽ᠴᠡᠭᠴᠡᠯᠡᠨ ᠵᠠᠰᠠᠵᠤ ᠳᠡᠭᠡᠭᠰᠢᠯᠡᠭᠦᠯᠬᠦ︾ ᠳᠡᠭᠡᠷ᠎ᠡ ᠬᠦᠴᠦ ᠲᠠᠯᠪᠢᠵᠤ᠂ ︽ᠬᠡᠪ ᠤᠨ ᠪᠥᠭᠡᠳ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ︾ ᠳᠡᠭᠡᠷ᠎ᠡ ᠬᠦᠴᠦ ᠣᠷᠣᠭᠤᠯᠵᠤ᠂ ︽ᠠᠭᠤᠯᠠ ᠤᠰᠤ ᠨᠢ ᠲᠤᠩᠭᠠᠯᠠᠭ᠂ ᠣᠷᠣᠰᠢᠨ ᠰᠠᠭᠤᠬᠤ ᠳᠤ ᠲᠣᠬᠢᠷᠠᠮᠵᠢᠲᠠᠢ︾ ᠮᠠᠯᠴᠢᠨ ᠲᠠᠷᠢᠶᠠᠴᠢᠨ ᠳᠤ ᠰᠠᠶᠢᠨ ᠳᠤᠷ᠎ᠠ ᠶᠢᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠲᠠᠶᠢᠭ᠎ᠠ ᠮᠣᠳᠤ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号